ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢᠦ ᠯᠠᠢ
ᠨᠡᠶᠢᠲᠡᠯᠡᠭᠰᠡᠨ ᠴᠠᠭ᠄
2023/2/8
      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢᠦ ᠯᠠᠢ᠄ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠦᠨᠳᠦᠰᠦᠨ ᠱᠠᠲᠤᠨ ᠤ ᠵᠠᠮ ᠬᠠᠷᠢᠯᠴᠠᠭᠠᠨ ᠤ ᠴᠠᠭᠳᠠᠭ᠎ᠠ ᠪᠣᠯᠵᠤ᠂ ᠥᠪᠡᠷ ᠤᠨ ᠮᠥᠷᠥᠨ ᠳᠡᠭᠡᠷᠡᠬᠢ ᠬᠠᠷᠢᠭᠤᠴᠠᠯᠭ᠎ᠠ ᠬᠦᠨᠳᠦ ᠭᠡᠳᠡᠭ ᠢᠶᠠᠨ ᠪᠢ ᠭᠦᠨ ᠣᠶᠢᠯᠠᠭᠠᠵᠤ᠂ ᠥᠩᠭᠡᠷᠡᠭᠰᠡᠨ ᠨᠢᠭᠡ ᠵᠢᠯ ᠤᠨ ᠲᠤᠷᠰᠢ᠂ ᠪᠢ ᠪᠠᠰᠠ ᠦᠷᠭᠦᠯᠵᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠬᠠᠷᠢᠯᠴᠠᠭᠠᠨ ᠤ ᠲᠦᠭᠵᠢᠷᠡᠯ ᠤᠨ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠲᠤᠬᠠᠢ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠲᠤᠬᠠᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠂ ᠣᠶᠢᠯᠠᠭᠠᠯᠲᠠ ᠪᠠ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠠᠷᠠᠳ ᠤᠨ ᠠᠮᠢᠳᠤᠷᠠᠯ ᠠᠷᠠᠳ ᠤᠨ ᠪᠣᠳᠣᠯᠭ᠎ᠠ ᠶᠢᠨ ᠲᠥᠯᠥᠭᠡ ᠦᠷᠭᠦᠯᠵᠢᠯᠡᠨ ᠠᠷᠭ᠎ᠠ ᠤᠬᠠᠭᠠᠨ ᠭᠠᠷᠭᠠᠵᠤ᠂ ᠴᠠᠭᠳᠠᠭᠠᠨ ᠤ ᠠᠩᠭᠢ ᠶᠢᠨ ᠬᠢᠨ ᠳᠤ ᠲᠠᠭᠤᠨ ᠪᠠ ᠬᠦᠴᠦᠨ ᠴᠢᠳᠠᠯ ᠢᠶᠠᠨ ᠡᠷᠭᠦᠪᠡ᠃      ᠡᠨᠡ ᠵᠢᠯ ᠪᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠪᠡᠳᠴᠢᠨ ᠦᠵᠡᠭᠦᠯᠬᠦ ᠳᠤ ᠲᠡᠷᠭᠡ ᠵᠣᠭᠰᠤᠭᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠰᠠᠨᠠᠭᠤᠯᠭ᠎ᠠ ᠶᠢ ᠠᠪᠴᠢᠷᠠᠯ᠎ᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠦᠵᠡᠭᠦᠯᠬᠦ ᠣᠷᠴᠢᠨ ᠲᠣᠭᠤᠷᠢᠨ᠂ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠬᠦ ᠶᠢᠨ ᠳᠠᠭᠠᠤ ᠳᠤ ᠰᠢᠨ᠎ᠡ ᠲᠢᠳᠢᠮᠯᠢᠭ ᠸᠢᠷᠦ᠋ᠰ ᠤᠨ ᠨᠥᠯᠥᠭᠡ ᠠᠴᠠ ᠪᠣᠯᠵᠤ᠂ ᠡᠪᠡᠳᠴᠢᠨ ᠦᠵᠡᠭᠦᠯᠬᠦ ᠡᠪᠡᠳᠴᠢᠲᠡᠨ ᠶᠡᠭᠡ ᠪᠠᠷ ᠨᠡᠮᠡᠭᠳᠡᠪᠡ᠃ ᠡᠪᠡᠳᠴᠢᠨ ᠦᠵᠡᠭᠦᠯᠵᠦ ᠲᠡᠷᠭᠡ ᠵᠣᠭᠰᠤᠭᠠᠬᠤ ᠳᠤ ᠬᠦᠴᠢᠷᠲᠡᠢ ᠪᠠᠶᠢᠬᠤ ᠨᠢ ᠨᠢᠭᠡᠨᠲᠡ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠰᠢᠭᠤᠳ ᠨᠥᠯᠥᠭᠡᠯᠡᠵᠦ ᠪᠠᠶᠢᠨ᠎ᠠ᠃ ᠡᠶᠢᠮᠦ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ᠂ ᠣᠲᠣ ᠶᠢᠨ ᠪᠠᠶᠢᠭ᠎ᠠ ᠲᠡᠷᠭᠡ ᠵᠣᠭᠰᠣᠬᠤ ᠭᠠᠵᠠᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠢ ᠲᠡᠭᠦᠯᠳᠡᠷᠵᠢᠭᠦᠯᠦᠨ ᠂ ᠲᠡᠷᠭᠡ ᠵᠣᠭᠰᠣᠬᠤ ᠭᠠᠵᠠᠷ ᠢ ᠨᠡᠮᠡᠭᠳᠡᠭᠦᠯᠵᠦ᠂ ᠲᠡᠷᠭᠡ ᠵᠣᠭᠰᠤᠭᠠᠬᠤ ᠶᠢ ᠬᠥᠲᠥᠯᠥᠨ ᠵᠢᠯᠤᠭᠤᠳᠬᠤ ᠰᠢᠰᠲ᠋ᠧᠮ ᠢ ᠲᠣᠬᠢᠷᠠᠭᠤᠯᠤᠨ᠎ᠠ᠃ ᠡᠭᠦᠨ ᠤ ᠵᠡᠷᠭᠡ ᠳᠤ ᠴᠠᠭᠳᠠᠭᠠᠨ ᠤ ᠬᠦᠴᠦᠨ ᠢ ᠨᠡᠮᠡᠨ ᠲᠣᠮᠢᠯᠠᠵᠤ ᠵᠢᠯᠤᠭᠤᠳᠬᠤ ᠠᠵᠢᠯ ᠢ ᠴᠢᠩᠭᠠᠳᠬᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ