ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠬᠤᠢ
ᠨᠡᠶᠢᠲᠡᠯᠡᠭᠰᠡᠨ ᠴᠠᠭ᠄
2023/2/8
      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠬᠤᠢ᠄ ᠨᠢᠭᠡ ᠵᠢᠯ ᠤᠨ ᠲᠤᠷᠰᠢ᠂ ᠪᠢ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠲᠥᠯᠥᠭᠡᠯᠡᠭᠴᠢ ᠶᠢᠨ ᠬᠢᠷᠢ ᠬᠡᠮ ᠳᠤ ᠲᠤᠶᠢᠯ ᠢᠶᠠᠷ ᠣᠮᠣᠭᠰᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠤᠨ ᠶᠣᠰᠣᠭᠠᠷ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ᠲᠣᠰᠬᠤᠨ ᠤ ᠠᠷᠠᠳ ᠤᠨ ᠢᠲᠡᠭᠡᠯ ᠪᠠ ᠬᠦᠨᠳᠦ ᠨᠠᠶᠢᠳᠠᠯᠭ᠎ᠠ ᠶᠢ ᠬᠠᠷᠢᠭᠤᠯᠵᠤ᠂ ᠵᠠᠰᠠᠭ ᠤᠨ ᠣᠷᠳᠣᠨ ᠪᠠ ᠲᠣᠰᠬᠤᠨ ᠤ ᠠᠷᠠᠳ ᠤᠨ ᠰᠡᠳᠬᠢᠯ ᠢ ᠬᠤᠯᠪᠣᠬᠤ ᠬᠥᠭᠦᠷᠭᠡ ᠶᠢ ᠰᠠᠶᠢᠲᠤᠷ ᠪᠠᠶᠢᠭᠤᠯᠵᠤ᠂ ᠲᠣᠰᠬᠤᠨ ᠤ ᠠᠷᠠᠳ ᠤᠨ ︽ᠰᠡᠳᠬᠢᠯ ᠢ ᠳᠤᠯᠠᠭᠠᠴᠠᠭᠤᠯᠤᠭᠴᠢ︾ ᠪᠤᠯᠬᠤ ᠪᠠᠷ ᠰᠠᠶᠢᠲᠤᠷ ᠬᠢᠨ᠎ᠡ᠃       ᠮᠠᠯᠴᠢᠨ ᠲᠠᠷᠢᠶᠠᠴᠢᠨ ᠤ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠨᠡᠯᠢᠶᠡᠳ ᠠᠩᠬᠠᠷᠴᠤ᠂ ᠤᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ︾ ᠲᠤᠬᠠᠢ ᠬᠤᠶᠠᠷ ᠰᠠᠨᠠᠭᠤᠯᠭ᠎ᠠ ᠳᠤᠷᠠᠳᠤᠶ᠎ᠠ᠄       ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠤᠳᠤᠷᠢᠳᠤᠮᠵᠢ ᠶᠢ ᠪᠤᠢ ᠪᠣᠯᠭᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠶ ᠪᠣᠯᠭᠠᠵᠤ᠂ ᠶᠡᠭᠡ ᠰᠤᠷᠭᠠᠭᠤᠯᠢ ᠲᠡᠭᠦᠰᠦᠭᠰᠡᠳ᠂ ᠭᠠᠳᠠᠭᠰᠢ ᠭᠠᠷᠴᠤ ᠦᠢᠯᠡᠰ ᠴᠣᠭᠴᠠᠯᠠᠭᠠᠳ ᠠᠮᠵᠢᠯᠲᠠ ᠣᠯᠣᠭᠰᠠᠨ ᠬᠥᠮᠥᠰ ᠵᠡᠷᠭᠡ ᠶᠢᠨ ᠨᠤᠲᠤᠭ ᠲᠠᠭᠠᠨ ᠪᠤᠴᠠᠵᠤ ᠬᠥᠭᠵᠢᠬᠦ ᠶᠢ ᠵᠣᠷᠢᠭᠵᠢᠭᠤᠯᠤᠨ ᠳᠡᠮᠵᠢᠵᠦ᠂ ᠤᠷᠤᠭᠤᠯᠤᠨ ᠠᠪᠴᠢᠷᠠᠬᠤ ᠶᠢᠨ ᠲᠥᠯᠥᠭᠡ᠂ ᠵᠠᠰᠠᠭ ᠤᠨ ᠣᠷᠳᠣᠨ ᠠᠴᠠ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠷᠢᠮ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ᠂ ᠠᠵᠤ ᠠᠬᠤᠢ ᠶᠢᠨ ᠱᠠᠩᠨᠠᠯ ᠢ ᠰᠠᠶᠢᠲᠤᠷ ᠬᠡᠷᠡᠭᠯᠡᠨ᠂ ᠴᠢᠳᠠᠪᠤᠷᠢᠲᠠᠨ ᠢ ᠦᠨᠡᠨ ᠬᠦ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠦᠯᠡᠳᠡᠭᠡᠵᠦ ᠳᠡᠶᠢᠯᠬᠦ ᠶᠢ ᠰᠠᠨᠠᠭᠤᠯᠵᠤ ᠪᠠᠶᠢᠨ᠎ᠠ᠃       ᠬᠤᠶᠠᠷ ᠲᠤ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠠᠭᠤᠳᠠᠯᠵᠤ᠂ ᠭᠠᠵᠠᠷ ᠰᠢᠷᠣᠢ ᠶᠢᠨ ᠠᠵᠢᠯ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠭᠠᠵᠠᠷ ᠰᠢᠷᠣᠢ ᠶᠢ ᠠᠰᠢᠭᠯᠠᠨ᠂ ᠲᠥᠪᠯᠡᠷᠡᠨ ᠵᠠᠯᠭᠠᠯᠳᠤᠭᠰᠠᠨ᠂ ᠵᠣᠬᠢᠬᠤ ᠬᠡᠪᠴᠢᠶᠡᠲᠦ ᠡᠵᠡᠩᠨᠡᠯᠲᠡ ᠶᠢ ᠪᠡᠶᠡᠯᠡᠭᠦᠯᠵᠦ᠂ ᠣᠲᠣ ᠦᠶ᠎ᠡ ᠶᠢᠨ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠭᠠᠵᠠᠷ ᠰᠢᠷᠣᠢ ᠶᠢᠨ ᠲᠠᠯᠠᠪᠠᠶ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠰᠤᠯᠠ ᠪᠠᠶᠢᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢ ᠰᠠᠨᠠᠭᠤᠯᠵᠤ ᠪᠠᠶᠢᠨ᠎ᠠ︕
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ