ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠰᠢᠸ ᠴᠢᠨ
ᠨᠡᠶᠢᠲᠡᠯᠡᠭᠰᠡᠨ ᠴᠠᠭ᠄
2023/2/8
      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠰᠢᠸ ᠴᠢᠨ᠄ ᠡᠮ ᠡᠮᠨᠡᠯᠭᠡ ᠶᠢᠨ ᠠᠵᠢᠯ ᠲᠦᠷᠦᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠪᠣᠯ ᠨᠢᠭᠡᠨ ᠡᠮᠴᠢ ᠪᠠᠶᠢᠵᠤ᠂ 30 ᠵᠢᠯ ᠤᠨ ᠡᠮᠨᠡᠯᠭᠡ ᠶᠢᠨ ᠠᠵᠢᠯ ᠬᠢᠭᠰᠡᠨ ᠥᠩᠭᠡᠷᠡᠯᠲᠡ ᠪᠠᠷ ᠢᠶᠠᠨ ᠨᠠᠳᠠ ᠳᠤ ᠲᠤᠭ᠎ᠠ ᠲᠣᠮᠰᠢ ᠦᠭᠡᠢ ᠤᠯᠠᠨ ᠵᠣᠪᠠᠭᠤᠷᠢ ᠲᠠᠢ ᠡᠪᠡᠳᠴᠢᠳᠡᠨ ᠲᠠᠢ ᠲᠠᠭᠠᠷᠠᠯᠳᠤᠵᠤ ᠠᠮᠢ ᠨᠠᠰᠤ ᠪᠠ ᠡᠷᠡᠭᠦᠯ ᠮᠡᠨᠳᠤ ᠶᠢᠨ ᠴᠢᠬᠤᠯᠠ ᠴᠢᠨᠠᠷ ᠢ ᠮᠡᠳᠡᠷᠡᠭᠦᠯᠦᠭᠰᠡᠨ ᠶᠤᠮ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠣᠳᠣᠬᠠᠨ ᠤ ᠬᠢᠬᠦ ᠴᠢᠬᠤᠯᠠᠲᠠᠢ ᠠᠵᠢᠯ ᠪᠣᠯ ᠳᠠᠷᠤᠢ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠪᠠᠶᠢᠵᠤ᠂ ᠡᠨᠡ ᠪᠣᠯ ᠮᠠᠨ ᠤ ᠡᠮ ᠡᠮᠨᠡᠯᠭᠡ ᠶᠢᠨ ᠠᠵᠢᠯ ᠲᠦᠷᠦᠯ ᠤᠨ ᠭᠤᠣᠯ ᠴᠢᠮᠦᠭᠡ ᠪᠠ ᠭᠤᠣᠯᠳᠠᠯᠭ᠎ᠠ ᠪᠣᠯᠣᠨ᠎ᠠ ᠭᠡᠵᠦ ᠪᠢ ᠦᠵᠡᠵᠦ ᠪᠠᠶᠢᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠠᠷᠠᠳ ᠢᠷᠭᠡᠳ ᠲᠤ ᠲᠤᠰ ᠭᠠᠵᠠᠷ ᠤᠨ ᠡᠮᠴᠢ ᠶᠢᠨ ᠳᠡᠭᠡᠳᠦ ᠲᠡᠰ ᠤᠨ ᠮᠡᠷᠭᠡᠵᠢᠯ ᠤᠨ ᠦᠢᠯᠡᠴᠢᠯᠡᠭᠡᠨ ᠤ ᠲᠦᠪᠰᠢᠨ ᠢ ᠮᠡᠳᠡᠷᠡᠭᠦᠯᠬᠦ ᠪᠣᠯ ᠠᠷᠠᠳ ᠢᠷᠭᠡᠳ ᠤᠨ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ᠂ ᠪᠢᠳᠡ ᠳᠠᠷᠤᠢ ᠲᠦᠷᠭᠡᠨ ᠭᠠᠳᠠᠭᠰᠢ ᠭᠠᠷᠴᠤ ᠤᠯᠤᠰ ᠤᠨ ᠳᠣᠲᠣᠭᠠᠳᠤ ᠶᠢᠨ ᠡᠯ᠎ᠡ ᠶᠡᠭᠡ ᠡᠮᠨᠡᠯᠭᠡ ᠶᠢᠨ ᠬᠤᠷᠢᠶ᠎ᠠ ᠲᠠᠢ ᠭᠦᠨᠵᠡᠭᠡᠢ ᠬᠠᠮᠲᠤᠷᠠᠯᠴᠠᠵᠤ ᠪᠠᠶᠢᠭᠠᠳ ᠡᠮᠴᠢ ᠶᠢᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠤᠨ᠎ᠠ᠃       ᠡᠪᠡᠳᠴᠢᠲᠡᠨ ᠳᠤ ᠨᠢᠭᠡᠨ ᠳᠤᠯᠠᠭᠠᠨ ᠲᠠᠭᠠᠯᠠᠮᠵᠢᠲᠠᠢ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃ ᠨᠢᠭᠡ ᠲᠠᠯ᠎ᠠ ᠪᠠᠷ ᠦᠢᠯᠡᠴᠢᠯᠡᠬᠡᠨ ᠤ ᠣᠪᠣᠷ ᠢᠶᠠᠨ ᠰᠠᠶᠢᠵᠢᠷᠠᠭᠤᠯᠵᠤ᠂ ᠨᠥᠭᠦᠭᠡ ᠲᠠᠯ᠎ᠠ ᠪᠠᠷ ᠣᠶᠤᠨᠴᠢ ᠡᠮᠴᠢᠯᠡᠭᠡ ᠶᠢ ᠲᠦᠷᠭᠡᠨ ᠠᠬᠢᠭᠤᠯᠵᠤ᠂ ᠡᠪᠡᠳᠴᠢᠲᠡᠨ ᠢ ᠴᠠᠭ ᠲᠤᠬᠠᠢ ᠳᠤᠨᠢ ᠰᠦᠯᠵᠢᠶᠡᠨ ᠳᠡᠭᠡᠷ᠎ᠡ ᠪᠤᠶᠤ ᠭᠠᠷ ᠤᠲᠠᠰᠤᠨ ᠳᠡᠭᠡᠷ᠎ᠡ ᠳ᠋ᠤᠭᠠᠷᠯᠠᠵᠤ ᠰᠦᠢᠳᠬᠡᠯ ᠲᠤᠰᠢᠶᠠᠬᠤ ᠪᠣᠯᠭᠠᠵᠤ᠂ ᠤᠯᠠᠨ ᠢ ᠵᠣᠪᠠᠭᠤᠷᠢ ᠵᠦᠳᠡᠭᠦᠷᠢ ᠶᠢᠨ ᠳᠤᠮᠳᠠ ᠤᠷᠳᠤ ᠮᠥᠷᠯᠡᠭᠦᠯᠵᠦ᠂ ᠨᠠᠰᠢ ᠴᠠᠰᠢ ᠭᠦᠶᠦᠯᠭᠡᠵᠦ ᠪᠣᠯᠬᠤ ᠦᠭᠡᠢ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠪᠡᠳᠴᠢᠲᠡᠨ ᠤ ᠡᠪᠡᠳᠴᠢᠨ ᠦᠵᠡᠭᠦᠯᠬᠦ ᠴᠠᠭ ᠢ ᠪᠠᠭᠠᠰᠬᠠᠵᠤ᠂ ᠡᠪᠡᠳᠴᠢᠲᠡᠨ ᠤ ᠵᠣᠪᠠᠭᠤᠷᠢ ᠵᠦᠳᠡᠭᠦᠷᠢ ᠶᠢ ᠲᠦᠷᠭᠡᠬᠡᠨ ᠰᠢᠢᠳᠪᠦᠷᠢᠯᠡᠵᠦ᠂ ᠣᠷᠣᠨ ᠪᠠᠶᠢᠷᠢ ᠪᠠᠨ ᠰᠣᠯᠢᠵᠤ ᠰᠡᠳᠬᠢᠨ᠂ ᠠᠷᠠᠳ ᠤᠯᠠᠨ ᠤ ᠬᠦᠰᠡᠯ ᠡᠷᠡᠮᠡᠯᠵᠡᠯ ᠢ ᠮᠠᠨ ᠤ ᠡᠮᠨᠡᠯᠭᠡ ᠶᠢᠨ ᠪᠠᠶᠢᠭᠤᠯᠤᠮᠵᠢ ᠶᠢᠨ ᠢᠶᠠᠨ ᠬᠥᠭᠵᠢᠯᠲᠡ ᠶᠢᠨ ᠴᠢᠭᠯᠡᠯ ᠪᠣᠯᠭᠠᠵᠤ᠂ ᠠᠷᠠᠳ ᠤᠯᠠᠨ ᠳᠤ ᠦᠨᠡᠨ ᠬᠦ ᠰᠠᠶᠢᠲᠤᠷ ᠦᠢᠯᠡᠴᠢᠯᠡᠵᠤ᠂ ᠡᠨᠡ ᠪᠣᠯ ᠳᠠᠷᠤᠢ ᠮᠢᠨᠤ ᠪᠤᠳᠤᠯ ᠪᠠ ᠰᠠᠨᠠᠭᠤᠯᠭ᠎ᠠ ᠪᠤᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ