ᠥᠪᠡᠷᠮᠢᠴᠡ ᠣᠨᠴᠠᠯᠢᠭ ᠲᠠᠢ ᠡᠯᠳᠡᠪ ᠠᠮᠤ ᠪᠤᠷᠴᠠᠭ ᠢᠶᠠᠷ ᠠᠵᠤ ᠤᠶᠢᠯᠡᠰ ᠤᠨ ᠬᠦᠭᠵᠢᠯᠳᠡ ᠶᠢ ᠲᠠᠶᠢᠴᠢᠯᠠᠨ᠎ᠠ
ᠨᠡᠶᠢᠲᠡᠯᠡᠭᠰᠡᠨ ᠴᠠᠭ᠄
2023/3/18
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤ ᠡᠯᠳᠡᠪ ᠠᠮᠤ ᠪᠤᠷᠴᠠᠭ ᠎ ᠤᠨ ᠠᠵᠤ ᠤᠶᠢᠯᠡᠰ ᠢ ᠲᠤᠬᠠᠶ ᠶᠢᠨ ᠭᠠᠵᠠᠷ ᠤᠨ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠴᠢᠬᠤᠯᠠ ᠬᠡᠰᠡᠭ ᠪᠣᠯᠭᠠᠵᠤ᠂ ᠪᠣᠬᠢᠷᠲᠤᠯ ᠥᠬᠡᠶ ᠠᠮᠢ ᠠᠬᠤᠶ ᠶᠢᠨ ᠵᠠᠮ ᠢᠶᠠᠷ ᠵᠠᠮᠨᠠᠵᠤ᠂ ᠥᠪᠡᠷᠮᠢᠴᠡ ᠣᠨᠴᠠᠯᠢᠭ ᠲᠠᠢ ᠴᠢᠨᠠᠷ ᠰᠠᠶᠢᠲᠠᠶ ᠲᠥᠷᠥᠯ ᠲᠡᠮᠳᠡᠭ ᠢ ᠡᠭᠦᠳᠴᠦ᠂ ᠡᠯᠳᠡᠪ ᠠᠮᠤ ᠪᠤᠷᠴᠠᠭ ᠢ ᠲᠣᠮᠣ ᠠᠵᠤ ᠤᠶᠢᠯᠡᠰ ᠪᠣᠯᠭᠠᠨ ᠬᠥᠭᠵᠢᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠪᠡ᠃     ᠬᠠᠪᠤᠷ ᠤᠨ ᠡᠬᠢ ᠪᠠᠷ᠂ ᠰᠤᠪᠤᠷᠭ᠎ᠠ ᠪᠠᠯᠭᠠᠰᠤᠨ ᠤ ᠮᠠᠭᠤ ᠦᠨᠡᠭᠡ ᠲᠣᠰᠬᠤᠨ ᠳᠤ ᠪᠠᠶᠢᠭ᠎ᠠ ᠡᠯᠳᠡᠪ ᠠᠮᠤ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠮᠠᠰᠢ ᠶᠠᠭᠠᠷᠠᠯᠲᠠᠢ ᠶᠠᠪᠤᠭᠳᠠᠵᠤ᠂ ᠪᠦᠳᠦᠭᠡᠨ ᠪᠠᠶᠢᠭᠤᠯᠤᠯᠲᠠ ᠶᠡᠭᠡ ᠬᠥᠭᠵᠢᠶᠡᠨᠲᠡᠢ ᠪᠠᠶᠢᠯ᠎ᠠ᠃ ᠲᠦᠷᠦᠯ ᠵᠦᠢᠯ ᠢ 2022 ᠣᠨ ᠤ 9 ᠳ᠋ᠤᠭᠡᠷ ᠰᠠᠷ᠎ᠠ ᠠᠴᠠ ᠡᠬᠢᠯᠡᠨ ᠪᠦᠳᠦᠭᠡᠨ ᠪᠠᠶᠢᠭᠤᠯᠵᠤ᠂ ᠨᠢᠳᠤᠨᠤᠨ ᠡᠪᠦᠯ ᠭᠤᠣᠯ ᠴᠣᠭᠴᠠ ᠶᠢᠨ ᠪᠠᠷᠢᠯᠭ᠎ᠠ ᠪᠠᠨ ᠲᠠᠭᠤᠰᠬᠠᠨ᠂ ᠤᠳᠤ ᠶᠠᠭ ᠲᠤᠨᠤᠭ ᠲᠥᠬᠦᠭᠡᠷᠦᠮᠵᠢ ᠪᠠᠨ ᠤᠭᠰᠠᠷᠠᠵᠤ᠂ ᠵᠢᠱᠢᠯᠲᠡ ᠪᠠᠷ 5 ᠳ᠋ᠤᠭᠠᠷ ᠰᠠᠷ᠎ᠠ ᠶᠢᠨ ᠡᠬᠢ ᠪᠠᠷ ᠤᠭᠰᠠᠷᠠᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠬᠤ ᠪᠠᠷ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 220 ᠲᠦᠮᠡᠨ ᠲᠥᠭᠦᠷᠢᠭ᠂  ᠡᠵᠡᠯᠡᠬᠦ ᠲᠠᠯᠠᠪᠠᠢ ᠨᠢ 2000 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠡᠯᠳᠡᠪ ᠠᠮᠤ ᠶᠢ ᠡᠳ᠋ᠰᠢᠬᠦᠯᠤᠨ ᠪᠣᠯᠪᠠᠰᠤᠷᠠᠭᠤᠯᠬᠤ ᠲᠣᠭᠤᠷᠢᠭ᠂ ᠢᠳᠡᠭᠡᠨ ᠤ ᠠᠮᠤᠷ ᠲᠦᠪᠰᠢᠨ ᠢ ᠲᠦᠷᠭᠡᠨ ᠰᠢᠯᠭᠠᠨ ᠪᠠᠶᠢᠴᠠᠭᠠᠬᠤ ᠲᠠᠰᠤᠭ᠂ ᠰᠠᠭᠠᠭ ᠤᠨ ᠬᠠᠯᠢᠰᠤᠨ ᠳᠡᠷ᠎ᠡ ᠤᠶᠢᠯᠡᠳᠪᠤᠷᠢᠯᠡᠬᠦ ᠤᠶᠢᠯᠡᠳᠪᠤᠷᠢ ᠶᠢᠨ ᠲᠠᠰᠤᠭ᠂ ᠢᠳᠡᠭᠡᠨ ᠤ ᠳᠡᠯᠭᠡᠨ ᠦᠵᠡᠭᠦᠯᠬᠦ ᠲᠢᠩᠬᠢᠮ ᠵᠡᠷᠭᠡ ᠴᠢᠳᠠᠮᠵᠢᠳᠤ ᠲᠠᠯᠠᠪᠤᠷ ᠲᠠᠢ ᠪᠠᠶᠢᠵᠤ᠂ ᠲᠥᠷᠥᠯ ᠵᠤᠶᠢᠯ ᠪᠠᠶᠢᠭᠤᠯᠤᠭᠳᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠲᠠᠷᠢᠶᠠᠯᠠᠬᠤ ᠪᠠᠨ ᠪᠤᠯᠢᠭᠰᠠᠨ ᠬᠠᠭᠤᠷᠠᠶ ᠲᠠᠷᠢᠶᠠᠨ ᠭᠠᠵᠠᠷ ᠤᠨ ᠠᠰᠢᠭᠯᠠᠯᠲᠠ ᠶᠢᠨ ᠨᠣᠷᠮ᠎ᠠ ᠪᠠ ᠮᠠᠯᠴᠢᠨ ᠲᠠᠷᠢᠶᠠᠴᠢᠨ ᠤ ᠪᠦᠬᠦᠯᠢ ᠴᠣᠭᠴᠠ ᠪᠠᠷ ᠳᠠᠷᠢᠬᠤ ᠮᠡᠷᠭᠡᠵᠢᠯ ᠤᠨ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠯᠠᠩ ᠤᠨ ᠠᠵᠤ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ᠃     ᠣᠶᠢᠷ᠎ᠠ ᠶᠢᠨ ᠵᠢᠯ ᠠᠴᠠ ᠨᠠᠭᠠᠰᠢ᠂ ᠰᠤᠪᠤᠷᠭ᠎ᠠ ᠪᠠᠯᠭᠠᠰᠤ ᠡᠯᠳᠡᠪ ᠠᠮᠤ ᠪᠤᠷᠴᠠᠭ ᠢ ᠭᠠᠵᠠᠷ ᠣᠷᠣᠨ ᠤ ᠲᠠᠷᠢᠶᠠᠯᠠᠩ ᠤᠨ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠭᠤᠤᠯ ᠰᠢᠪᠲᠤᠯᠤᠯᠲᠠ ᠶᠢᠨ ᠴᠢᠭᠯᠡᠯ ᠪᠠᠨ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢ ᠲᠦᠷᠦᠭᠦᠯᠡᠨ ᠪᠠᠶᠢᠭᠤᠯᠵᠤ᠂ ︽ᠲᠣᠰᠬᠤᠨ ᠤ ᠬᠠᠮᠲᠤ ᠨᠡᠶᠢᠳᠡ + ᠬᠤᠷᠰᠢᠶᠠᠵᠢᠯ + ᠮᠠᠯᠴᠢᠨ ᠲᠠᠷᠢᠶᠠᠴᠢᠨ︾᠎ ᠤ  ᠤᠶᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠳᠤ ᠰᠢᠯᠢᠳᠡᠭ ᠡᠭᠦᠯᠳᠡᠷ᠂ ᠲᠠᠷᠢᠮᠠᠯ ᠤᠨ ᠮᠡᠷᠭᠡᠵᠢᠯ ᠤᠨ ᠵᠢᠯᠣᠭᠤᠳᠣᠯᠭ᠎ᠠ᠂ ᠬᠤᠷᠢᠶᠠᠨ ᠠᠪᠬᠤ ᠵᠢᠴᠢ ᠣᠷᠣᠯᠠᠨ ᠡᠳ᠋ᠰᠢᠭᠦᠯᠬᠦ ᠵᠡᠷᠭᠡ ᠳᠡᠮᠵᠢᠯᠭᠡ ᠦᠵᠡᠬᠦᠯᠦᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠠᠷᠢᠮᠠᠯ ᠤᠨ ᠳᠠᠭᠠᠳᠬᠠᠯ ᠵᠡᠷᠭᠡ ᠠᠵᠤ ᠤᠶᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠲᠡᠳᠬᠦᠨ ᠳᠡᠮᠵᠢᠵᠦ᠂ ᠡᠯᠳᠡᠪ ᠠᠮᠤ ᠪᠤᠷᠴᠠᠭ ᠤᠨ ᠠᠵᠤ  ᠤᠶᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠲᠦᠮᠡ ᠭᠠᠷᠤᠶ ᠮᠥ ᠠᠲᠠᠷᠰᠢᠭᠰᠠᠨ ᠲᠠᠷᠢᠶᠠᠨ ᠭᠠᠵᠠᠷ ᠢ ᠲᠠᠬᠢᠨ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂  ᠰᠤᠪᠤᠷᠭ᠎ᠠ ᠪᠠᠯᠭᠠᠰᠤ ᠡᠯᠳᠡᠪ ᠠᠮᠤ ᠪᠤᠷᠴᠠᠭ ᠤᠨ ᠬᠡᠪᠴᠢᠶᠡᠵᠢᠭᠦᠯᠦᠯᠲᠡ᠂ ᠪᠠᠷᠢᠮᠵᠢᠶᠠᠵᠢᠭᠤᠯᠤᠯᠲᠠ ᠶᠢᠨ ᠰᠠᠶᠢᠨ ᠬᠥᠭᠵᠢᠯᠲᠡ ᠶᠢ ᠳᠠᠶᠢᠴᠢᠯᠠᠵᠤ᠂ ᠰᠢᠷᠢᠰ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠳᠠᠷᠢᠬᠤ ᠠᠴᠠ ᠬᠦᠢᠯᠭᠡᠭᠡ᠂ ᠵᠠᠬ᠎ᠠ ᠳᠡᠯᠭᠡᠭᠦᠷ ᠠᠴᠠ ᠲᠠᠪᠴᠠᠩ᠂ ᠲᠠᠷᠢᠶᠠᠴᠢᠨ ᠡᠷᠦᠬᠡ ᠠᠴᠠ ᠬᠤᠳᠠᠯᠳᠤᠨ ᠠᠪᠤᠭᠴᠢ ᠶᠢᠨ ᠠᠵᠤ ᠤᠶᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠵᠦ᠂ ᠠᠵᠤ ᠤᠶᠢᠯᠡᠰ ᠢ ᠬᠥᠭᠵᠢᠭᠦᠯᠦᠨ᠂ ᠲᠣᠰᠬᠤᠨ ᠤ ᠠᠷᠠᠳ ᠢ ᠪᠠᠶᠠᠵᠢᠭᠤᠯᠬᠤ ᠪᠠᠷ ᠴᠢᠷᠮᠠᠶᠢᠵᠤ ᠪᠠᠶᠢᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ