ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ AB ᠳᠦᠷᠢ ᠳᠤ ᠲᠣᠬᠢᠷᠠᠭᠤᠯᠤᠯᠲᠠ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/3/19
                              ᠡᠵᠡᠨ ᠵᠠᠰᠠᠭ ᠠᠯᠪᠠᠨ ᠲᠠᠷᠬᠠᠭᠠᠭᠰᠠᠨ 〔2023〕 9 ᠳ᠋ᠤᠭᠡᠷ ᠲᠣᠭᠠᠲᠤᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂  ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠄       ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠨ᠂ ᠡᠳᠦᠭᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ AB  ᠳᠦᠷᠢ ᠳᠤ ᠲᠣᠬᠢᠷᠠᠭᠤᠯᠤᠯᠲᠠ ᠬᠢᠬᠦ ᠶᠢ ᠳᠣᠣᠷᠠᠬᠢ ᠮᠡᠲᠦ ᠮᠡᠳᠡᠭᠳᠡᠶ᠎ᠡ᠃       ᠦ᠋ ᠶᠦᠨ         ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃       ᠮᠡᠨᠳᠦᠪᠠᠶᠠᠷ        ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠤ ᠳᠠᠷᠤᠭ᠎ᠠ       ᠬᠤᠰᠢᠭᠤ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠬᠡᠷᠡᠭ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠨᠧᠷᠭᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠡᠳ᠋ ᠬᠥᠷᠥᠩᠭᠡ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ︶᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠭᠠᠳᠠᠭᠠᠳᠤ ᠠᠷᠠᠯᠵᠢᠶᠠᠨ ᠤ ᠠᠵᠢᠯ︶ ᠂ ᠬᠤᠰᠢᠭᠤᠨ ᠎ ᠤ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠲᠥᠪ︶᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠡᠨᠧᠷᠭᠢ ᠶᠢᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ︵ᠬᠠᠮᠲᠤᠷᠠᠯᠴᠠᠭ᠎ᠠ ᠰᠣᠯᠢᠯᠴᠠᠭᠠᠨ ᠤ ᠲᠥᠪ︶᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠠᠭᠤᠷᠬᠠᠢ ᠶᠢᠨ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠷᠳᠣᠰ ᠬᠤᠳᠠ ᠶᠢᠨ ᠱᠧᠩ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠱᠧᠩ ᠶᠤᠸᠠᠨ ᠡᠨᠧᠷᠭᠢ ᠶᠢᠨ ᠪᠦᠯᠦᠭᠯᠡᠯ ᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠤᠯᠤᠰ ᠤᠨ ᠥᠮᠴᠢᠯᠡᠯ᢭ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠳᠠ ᠶᠢᠨ  ᠯᠢ ᠢᠤᠢ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠸᠠ ᠹᠧᠩ ᠠᠮᠤ ᠪᠤᠳᠠᠭ᠎ᠠ ᠲᠣᠰᠣ ᠬᠤᠳᠠᠯᠳᠤᠨ ᠠᠪᠴᠤ ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃  ᠬᠤᠰᠢᠭᠤ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃       ᠬᠠᠷᠢᠯᠴᠠᠬᠤ ᠨᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠎ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠪ ᠬᠠᠮᠲᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ᠂ ᠨᠡᠶᠢᠭᠡᠮ ᠵᠢᠷᠤᠮ ᠤᠨ ᠰᠤᠷᠭᠠᠭᠤᠯᠢ︶᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ  ᠠᠷᠠᠯᠵᠢᠶᠠᠨ ᠤ ᠲᠥᠪ ᠤᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠥᠪ᠂ ᠠᠷᠠᠳ ᠤᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠣᠷᠳᠣᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠡᠵᠡᠨ ᠬᠤᠷᠤᠭ᠎ᠠ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠵᠢᠴᠢ ᠰᠠᠭᠤᠭ᠎ᠠ ᠭᠠᠵᠠᠷ ᠤᠨ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ᠂ ᠣᠷᠳᠣᠰ ᠤᠨ ᠡᠵᠡᠨ ᠬᠤᠷᠤᠭ᠎ᠠ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠣᠷᠳᠣᠰ ᠬᠤᠲᠠ ᠶᠢᠨ ᠬᠤᠪᠢᠶᠠᠷᠢ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠡᠵᠡᠩᠨᠡᠯᠲᠡ ᠶᠢᠨ ᠬᠡᠯᠲᠡᠰ ᠵᠡᠷᠭᠡ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠠᠭᠤᠭ᠎ᠠ ᠭᠠᠵᠠᠷ ᠤᠨ ᠡᠨᠧᠷᠭᠢ ᠶᠢᠨ ᠠᠵᠤ ᠠᠬᠤᠶᠢᠯᠠᠯ᠂ ᠥᠪᠥᠷ ᠮᠣᠩᠭᠤᠯ ᠤᠨ ᠳ᠋ᠦᠡᠭ ᠡᠤ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ ᠵᠡᠷᠭᠡ ᠲᠡᠮᠦᠷ ᠵᠠᠮ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ᠃       ᠸᠠᠩ ᠵᠢᠶᠧ     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠤ ᠳᠠᠷᠤᠭ᠎ᠠ       ᠬᠤᠰᠢᠭᠤ ᠳᠠᠷᠤᠭ᠎ᠠ ᠶᠢ ᠬᠠᠪᠰᠤᠷᠤᠨ  ᠬᠦᠮᠦᠨ ᠤ ᠬᠦᠴᠦᠨ ᠤᠨ ᠡᠬᠢ ᠪᠠᠶᠠᠯᠢᠭ  ᠪᠠ ᠨᠡᠶᠢᠬᠡᠮ ᠤᠨ ᠪᠠᠳᠤᠯᠠᠭ᠎ᠠ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠯᠢᠦ ᠰᠢᠶᠣᠣ ᠳ᠋ᠦᠩ ᠨᠥᠬᠦᠷ ᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠢᠯᠡᠰ ᠤᠨ ᠲᠥᠪ︶᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠎ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ ᠃      ᠬᠠᠷᠢᠯᠴᠠᠬᠤ ᠨᠢ᠄ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠃       ᠵᠧᠦ ᠯᠢ ᠮᠢᠩ     ᠳᠡᠳ᠋ ᠬᠤᠰᠢᠭᠤᠨ ᠤ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠬᠤᠲᠠ ᠬᠥᠳᠡᠭᠡ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠶᠢ ᠬᠤᠪᠢᠳᠠᠨ ᠬᠠᠮᠢᠶᠠᠷᠴᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠪ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠰᠢᠭᠤᠨ ᠤ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠶ ᠵᠥᠩ ᠦᠢᠯᠡᠴᠢᠯᠡᠭᠡᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠵᠢᠦ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠶᠢᠨ ᠲᠦ᠋ ᠾᠧ ᠾᠧ ᠬᠡᠮᠵᠢᠨ ᠵᠢᠷᠤᠬᠤ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠢᠨ ᠶᠦᠩ ᠭᠠᠵᠠᠷ ᠰᠢᠷᠣᠢ ᠶᠢᠨ ᠡᠬᠢ ᠪᠠᠶᠠᠯᠢᠭ ᠢ ᠬᠤᠷᠢᠶᠠᠨ ᠬᠠᠳᠠᠭᠠᠯᠠᠵᠤ ᠪᠡᠯᠡ ᠣᠷᠣᠭᠤᠯᠬᠤ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠱᠧᠩ ᠳ᠋ᠢ ᠶᠤᠸᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠵᠠᠭᠠᠷᠲᠤ ᠺᠣᠮᠫᠠᠨᠢ᠃       ᠬᠠᠷᠢᠯᠴᠠᠬᠤ ᠨᠢ᠄ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠬᠡᠯᠲᠡᠰ᠃       ᠯᠢ ᠬᠦᠢ      ᠬᠤᠰᠢᠭᠤᠨ ᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ  ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠵᠠᠮ ᠬᠠᠷᠢᠯᠴᠠᠭ᠎ᠠ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠰᠢᠨᠵᠢᠯᠡᠬᠦ ᠤᠬᠠᠭᠠᠨ ᠪᠠ ᠮᠡᠷᠭᠡᠵᠢᠯ ᠤᠨ ᠲᠣᠪᠴᠢᠶ᠎ᠠ ᠶᠢ ᠬᠤᠪᠢᠳᠠᠨ ᠬᠠᠮᠢᠶᠠᠷᠴᠤ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠭᠠᠳᠠᠭᠠᠳᠤ ᠠᠷᠠᠯᠵᠢᠶᠠᠨ ᠤ ᠠᠵᠢᠯ ᠢ ᠭᠠᠷᠭᠠᠪᠠᠯ︶᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ︶᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠂ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠂ ᠬᠤᠰᠢᠭᠤ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠬᠤᠰᠢᠭᠤᠨ ᠤ ᠲᠢᠶᠠᠨ ᠵᠢᠶᠣᠣ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ᠂ ᠣᠷᠳᠣᠰ ᠤᠨ ᠮᠧᠩ ᠰᠢ ᠵᠧᠩ ᠾᠧ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠠ ᠶᠦᠨ ᡁᠢ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ  ᠱᠸᠡᠭ ᠳ᠋ᠢ ᠴᠠᠬᠢᠯᠭᠠᠨ ᠬᠦᠴᠦᠨ ᠤ ᠤᠭᠰᠠᠷᠠᠵᠤ ᠬᠠᠮᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠲᠢᠶᠠᠨ ᠵᠢᠶᠣᠣ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠬᠤᠶ ᠢ ᠠᠵᠤ ᠦᠢᠯᠡᠳᠪᠦᠷᠢ ᠶᠢᠨ ᠲᠡᠭᠡᠭᠡᠪᠦᠷᠢ ᠶᠢᠨ ᠡᠳ᠋ ᠬᠥᠷᠥᠩᠭᠡ ᠶᠢᠨ ᠡᠵᠡᠩᠨᠡᠯᠲᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃       ᠬᠠᠷᠢᠯᠴᠠᠬᠤ ᠨᠢ᠄  ᠮᠸᠡᠭ  ᠰᠤ᠋ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠵᠡᠨ ᠬᠤᠷᠤᠭ᠎ᠠ ᠴᠠᠬᠢᠯᠭᠠᠨ ᠬᠠᠩᠭᠠᠬᠤ ᠺᠣᠮᠫᠠᠨᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠡᠵᠡᠨ ᠬᠤᠷᠤᠭ᠎ᠠ ᠬᠤᠰᠢᠭᠤᠨ ᠤ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠥᠪ᠂ ᠬᠤᠲᠠ ᠶᠢᠨ ᠵᠠᠮ ᠬᠠᠷᠢᠯᠴᠠᠭ᠎ᠠ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠵᠡᠨ ᠬᠤᠷᠤᠭ᠎ᠠ ᠵᠠᠰᠠᠮᠠᠯ ᠵᠠᠮ ᠤᠨ ᠠᠵᠢᠯ ᠤᠨ ᠲᠣᠭᠤᠷᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ᠂ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠰᠦᠯᠵᠢᠶᠡᠨ ᠤ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ ᠵᠡᠷᠭᠡ ᠰᠠᠭᠤᠭ᠎ᠠ ᠭᠠᠵᠠᠷ ᠤᠨ ᠴᠢᠮᠡᠭᠡ ᠬᠤᠯᠪᠣᠭᠠᠨ ᠤ ᠠᠵᠤ ᠠᠬᠤᠶᠢᠯᠠᠯ᠃       ᠯᠢᠦ ᠰᠢᠶᠣᠣ ᠳ᠋ᠦᠩ     ᠳᠡᠳ᠋ ᠬᠤᠰᠢᠭᠤᠨ ᠤ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠣᠷᠳᠣᠰ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠴᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ᠂ ᠬᠤᠰᠢᠭᠤᠨ ᠤ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠲᠥᠪ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠣᠷᠳᠣᠰ ᠬᠤᠲᠠ ᠶᠢᠨ ᠶᠦᠨ ᠳ᠋ᠦᠩ ᠲᠠᠷᠢᠶᠠᠯᠠᠩ ᠣᠶ ᠰᠢᠭᠤᠢ ᠮᠠᠯ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠃       ᠬᠠᠷᠢᠯᠴᠠᠬᠤ ᠨᠢ᠄ ᠣᠷᠳᠣᠰ ᠬᠤᠲᠠ ᠶᠢᠨ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠃       ᠴᠧᠨ ᠰᠢᠶᠣᠣ ᠵᠢᠶᠦ᠋ᠨ     ᠳᠡᠳ᠋ ᠬᠤᠰᠢᠭᠤᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ      ᠬᠤᠰᠢᠭᠤ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃       ᠬᠠᠷᠢᠯᠴᠠᠬᠤ ᠨᠢ᠄ ᠬᠤᠰᠢᠭᠤᠨ ᠤ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠃       ᠸᠠᠩ ᠵᠢᠶᠠᠨ ᠯᠢᠨ            ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ       ᠵᠧᠦ ᠯᠢ ᠮᠢᠩ ᠨᠥᠬᠦᠷ ᠢ ᠬᠠᠪᠰᠤᠷᠴᠤ ᠠᠵᠢᠯᠯᠠᠨ᠎ᠠ᠃       ᠪᠢᠶᠠᠨ ᠶᠦᠩ ᠰᠢᠶᠠᠩ     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ       ᠬᠤᠰᠢᠭᠤ ᠳᠠᠷᠤᠭ᠎ᠠ ᠶᠢ ᠬᠠᠪᠰᠤᠷᠤᠨ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠠᠵᠢᠯ ᠢ ᠬᠠᠷᠢᠭᠤᠴᠠᠨ᠎ᠠ᠃       ᠰᠢᠦᠢ ᠵᠢᠶᠠᠨ ᠭᠠᠩ     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂  ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ  ᠲᠡᠳ᠋ ᠡᠷᠬᠢᠯᠡᠭᠴᠢ      ᠬᠤᠰᠢᠭᠤ ᠳᠠᠷᠤᠭ᠎ᠠ ᠶᠢ ᠬᠠᠪᠰᠤᠷᠤᠨ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠠᠵᠢᠯ ᠢ ᠬᠠᠷᠢᠭᠤᠴᠠᠨ᠎ᠠ᠃       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ AB ᠳᠦᠷᠢ ᠶᠢᠨ ᠠᠵᠢᠯ ᠤᠨ ᠳᠦᠷᠢᠮ ᠢ ᠬᠡᠷᠡᠭᠵᠢᠭᠦᠯᠵᠦ᠂ ᠵᠠᠷᠢᠮ ᠤᠳᠤᠷᠢᠳᠤᠯᠭ᠎ᠠ ︵A ᠪᠤᠶᠤ B  ᠳᠦᠷᠢ︶ ᠭᠠᠳᠠᠭᠰᠢ ᠭᠠᠷᠴᠤ ᠰᠤᠷᠤᠯᠴᠠᠬᠤ᠂ ᠰᠢᠨᠵᠢᠯᠡᠨ ᠪᠠᠶᠢᠴᠠᠭᠠᠬᠤ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠠᠮᠠᠷᠠᠯᠲᠠ ᠠᠪᠬᠤ᠂ ᠤᠴᠢᠷ ᠶᠠᠪᠤᠳᠠᠯ ᠤᠨ ᠴᠢᠯᠦᠭᠡ ᠠᠪᠬᠤ ᠵᠡᠷᠭᠡ ᠠᠴᠠ ᠪᠣᠯᠵᠤ ᠡᠭᠦᠷᠭᠡ ᠲᠤᠰᠢᠶᠠᠯ ᠢᠶᠠᠨ ᠬᠡᠪ ᠤᠨ ᠶᠣᠰᠣᠭᠠᠷ ᠭᠦᠢᠴᠡᠳᠬᠡᠵᠦ ᠳᠡᠶᠢᠯᠬᠦ ᠦᠭᠡᠢ ᠪᠣᠯ᠂ ᠬᠠᠷᠠᠭᠠᠯᠵᠠᠭᠰᠠᠨ ᠨᠥᠭᠦᠭᠡ ᠨᠢᠭᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ︵B ᠪᠤᠶᠤ A  ᠳᠦᠷᠢ︶᠎ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠠᠵᠢᠯ ᠢ ᠲᠦᠷ ᠴᠠᠭ ᠣᠷᠣᠯᠠᠨ ᠰᠢᠢᠳᠪᠦᠷᠢᠯᠡᠨ᠎ᠡ᠃ AB ᠳᠦᠷᠢ ᠶᠢ ᠳᠣᠣᠷᠠᠬᠢ ᠮᠡᠲᠦ ᠪᠠᠷ ᠲᠣᠬᠢᠷᠠᠭᠤᠯᠤᠨ᠎ᠠ᠄ A  ᠲᠦᠷᠢ             B  ᠲᠦᠷᠢᠮᠡᠨᠳᠦᠪᠠᠶᠠᠷ              ᠸᠠᠩ ᠵᠢᠶᠧ ᠵᠧᠦ ᠯᠢ ᠮᠢᠩ            ᠯᠢ  ᠬᠦᠢ ᠯᠢᠦ ᠰᠢᠶᠣᠣ ᠳ᠋ᠦᠩ        ᠴᠧᠨ ᠰᠢᠶᠣᠣ ᠵᠢᠶᠦ᠋ᠨ       ᠬᠠᠷᠢᠯᠴᠠᠨ AB ᠲᠦᠷᠢ ᠪᠣᠯᠬᠤ ᠤᠳᠤᠷᠢᠳᠤᠯᠭ᠎ᠠ ᠨᠢ ᠵᠠᠷᠴᠢᠮ ᠳᠡᠭᠡᠷ᠎ᠡ ᠪᠠᠨ ᠬᠠᠮᠲᠤ ᠳᠤᠨᠢ ᠠᠮᠠᠷᠠᠯᠲᠠ ᠠᠪᠬᠤ ᠦᠭᠡᠢ᠂ ᠴᠢᠯᠦᠭᠡ ᠭᠤᠶᠤᠬᠤ ᠪᠤᠶᠤ ᠭᠠᠳᠠᠭᠰᠢ ᠭᠠᠷᠬᠤ ᠦᠭᠡᠢ᠃ A ᠳᠦᠷᠢ ︵ᠪᠤᠶᠤ B ᠲᠦᠷᠢ︶᠎ ᠶᠢᠨ ᠤᠳᠤᠷᠢᠳᠤᠯᠭ᠎ᠠ ᠨᠢ ᠦᠨᠡᠬᠡᠷ ᠠᠮᠠᠷᠠᠯᠲᠠ ᠠᠪᠬᠤ᠂ ᠴᠢᠯᠦᠭᠡ ᠭᠤᠶᠤᠬᠤ ᠪᠤᠶᠤ ᠭᠠᠳᠠᠭᠰᠢ ᠭᠠᠷᠬᠤ ᠵᠡᠷᠭᠡ ᠰᠢᠯᠲᠠᠭᠠᠨ ᠠᠴᠠ ᠪᠣᠯᠵᠤ ᠠᠵᠢᠯ ᠤᠨ ᠪᠠᠶᠢᠷᠢ ᠳᠠᠭᠠᠨ ᠬᠡᠪ ᠤᠨ ᠪᠠᠶᠢᠳᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠬᠦ ᠦᠭᠡᠢ ᠪᠣᠯ᠂ B  ᠲᠦᠷᠢ ︵ᠪᠤᠶᠤ A ᠳᠦᠷᠢ︶᠎ ᠶᠢᠨ ᠤᠳᠤᠷᠢᠳᠤᠯᠭ᠎ᠠ ᠲᠠᠢ ᠤᠷᠢᠳᠴᠢᠯᠠᠨ ᠵᠥᠪᠳᠡᠯᠴᠡᠬᠦ ᠪᠤᠶᠤ ᠲᠤᠰᠢᠶᠠᠵᠤ ᠭᠥᠯᠢᠶᠡᠨ ᠠᠪᠴᠤ᠂ ᠠᠵᠢᠯ ᠢᠶᠠᠨ ᠵᠠᠪᠰᠠᠷ ᠦᠭᠡᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠯᠴᠠᠨ AB ᠳᠦᠷᠢ ᠶᠢᠨ ᠤᠳᠤᠷᠢᠳᠤᠯᠭ᠎ᠠ ᠬᠠᠷᠢᠯᠴᠠᠨ ᠣᠶᠢᠯᠠᠭᠠᠯᠴᠠᠭ᠎ᠠ ᠪᠠᠨ ᠴᠢᠩᠭᠠᠳᠬᠠᠵᠤ᠂ ᠣᠷᠣᠯᠠᠨ ᠰᠢᠢᠳᠪᠦᠷᠢᠯᠡᠬᠦ ᠠᠵᠢᠯ ᠤᠨ ᠶᠠᠪᠤᠴᠠ ᠳᠤ᠂ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠳᠡᠵᠦ᠂ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠴᠢᠬᠤᠯᠠ ᠶᠡᠭᠡ ᠤᠴᠢᠷ ᠶᠠᠪᠤᠳᠠᠯ ᠢ  ᠬᠤᠰᠢᠭᠤ ᠳᠠᠷᠤᠭ᠎ᠠ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠢ᠃                            ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2023 ᠣᠨ ᠤ 3 ᠰᠠᠷ᠎ᠠ ᠶᠢᠨ 10 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ