ᠡᠵᠡᠨ ᠬᠤᠷᠤᠭ᠎ᠠ ᠬᠤᠰᠢᠭᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾᠎ ᠢ ᠪᠠᠲᠤ ᠴᠤᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/3/24
     ᠡᠵᠡᠨ ᠬᠤᠷᠤᠭ᠎ᠠ ᠬᠤᠰᠢᠭᠤ ︽ᠬᠢᠨᠠᠨ ᠬᠡᠮᠵᠢᠯᠲᠡ ᠶᠢ ᠪᠦᠬᠦᠨ ᠢ ᠪᠦᠷᠬᠦᠬᠦᠯᠬᠦ᠂ ᠮᠠᠯ ᠪᠦᠬᠦᠨ ᠢ ᠰᠡᠷᠭᠡᠶᠢᠯᠡᠨ ᠡᠮᠨᠡᠬᠦ᠂ ᠣᠷᠴᠢᠨ ᠲᠣᠭᠤᠷᠢᠨ ᠢ ᠪᠦᠬᠦᠨ ᠢ ᠠᠷᠢᠭᠤᠳᠬᠠᠬᠤ᠂ ᠪᠣᠬᠢᠷᠲᠤᠯ ᠢ ᠬᠤᠤᠷᠳᠠᠭᠳᠠᠯ ᠥᠬᠡᠶ ᠪᠣᠯᠭᠠᠬᠤ︾ ︽ᠭᠤᠷᠪᠠ ᠶᠢ ᠪᠦᠷᠬᠦᠬᠦᠯᠦᠨ ᠨᠢᠬᠡ ᠶᠢ ᠦᠬᠡᠶᠢᠰᠭᠡᠭᠦ︾ ᠪᠷᠦ᠋ᠼᠧᠯ ᠡᠪᠡᠳᠴᠢᠨ ᠢ ᠪᠥᠬᠦ ᠲᠣᠰᠬᠤᠨ ᠢᠶᠠᠷ ᠢᠶᠠᠨ ᠰᠡᠷᠭᠡᠶᠢᠯᠡᠨ ᠡᠵᠡᠮᠳᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠮᠦᠨ ᠮᠠᠯ ᠤᠨ ᠬᠠᠮᠲᠤ ᠳᠤᠨᠢ ᠨᠡᠷᠪᠡᠭᠳᠡᠬᠦ ᠡᠪᠡᠳᠴᠢᠨ ᠤ ︽ᠰᠡᠷᠭᠡᠶᠢᠯᠡᠯᠲᠡ ᠶᠢᠨ ᠬᠡᠷᠡᠮ︾᠎ ᠢ ᠪᠠᠲᠤ ᠴᠣᠭᠴᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃     ᠪᠷᠦ᠋ᠼᠧᠯ ᠡᠪᠡᠳᠴᠢᠨ ᠤ ᠠᠷᠢᠭᠤᠳᠬᠠᠯ ᠬᠢᠬᠦ ᠳᠤ ︽ᠳᠥᠷᠪᠡᠨ ᠡᠷᠲᠡ︾᠎ ᠶᠢ ᠪᠡᠶᠡᠯᠡᠭᠦᠯᠪᠡ᠃ ᠪᠷᠦ᠋ᠼᠧᠯ ᠡᠪᠡᠳᠴᠢᠨ ᠪᠣᠯ ᠣᠳᠣᠬᠠᠨ ᠤ ᠮᠠᠨ ᠤ ᠤᠯᠤᠰ ᠤᠨ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠬᠥᠮᠦᠨ ᠮᠠᠯ ᠳᠤ ᠪᠦᠷ ᠲᠤᠰᠳᠠᠭ ᠬᠠᠯᠳᠠᠪᠤᠷᠢᠲᠤ ᠡᠪᠡᠳᠴᠢᠨ ᠤ ᠨᠢᠭᠡ ᠪᠣᠯᠤᠨ᠎ᠠ᠃ ᠡᠵᠡᠨ ᠬᠤᠷᠤᠭ᠎ᠠ ᠬᠤᠰᠢᠭᠤᠨ ᠤ ᠪᠷᠦ᠋ᠼᠧᠯ ᠡᠪᠡᠳᠴᠢᠨ ᠢ ᠬᠢᠨᠠᠨ ᠬᠡᠮᠵᠢᠵᠦ ᠠᠷᠢᠭᠤᠳᠬᠠᠬᠤ ᠠᠵᠢᠯ ᠨᠢ ︽ᠡᠷᠲᠡ  ᠬᠢᠨᠠᠨ  ᠭᠡᠮᠵᠢᠬᠦ᠂ ᠡᠷᠲᠡ  ᠢᠯᠡᠷᠡᠬᠦᠯᠬᠦ᠂ ᠡᠷᠲᠡ ᠰᠢᠭᠰᠢᠭᠳᠡᠭᠦᠯᠬᠦ᠂ ᠡᠷᠲᠡ ᠠᠷᠢᠭᠤᠳᠬᠠᠬᠤ︾᠎ ᠶᠢ ᠪᠡᠶᠡᠯᠡᠭᠦᠯᠪᠡ᠃ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠬᠠᠷᠢᠭᠤᠴᠠᠬᠤ ᠵᠠᠷᠴᠢᠮ ᠶᠣᠰᠣᠭᠠᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠲᠦᠷᠦᠭᠦᠯᠡᠵᠦ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠰᠠᠯᠠᠭ᠎ᠠ ᠮᠥᠴᠢᠷ ᠪᠣᠳᠠᠲᠠᠶ ᠬᠡᠷᠡᠭᠵᠢᠭᠦᠯᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠨᠢ 7 ᠠᠵᠢᠯᠯᠠᠬᠤ ᠳᠤᠭᠤᠶᠢᠯᠠᠩ ᠬᠤᠪᠢᠶᠠᠵᠤ᠂ ᠡᠯ᠎ᠡ ᠪᠠᠯᠭᠠᠰᠤᠨ ᠤ ᠮᠠᠯ ᠤᠨ ᠡᠮᠴᠢ ᠶᠢᠨ ᠰᠠᠯᠠᠭ᠎ᠠ ᠮᠥᠴᠢᠷ ᠲᠠᠢ ᠬᠠᠮᠵᠢᠯᠴᠠᠨ᠂ ᠲᠠᠪᠤᠨ ᠵᠢᠯ ᠤᠨ ᠬᠤᠭᠤᠴᠠᠭ᠎ᠠ ᠶᠢ ᠭᠤᠷᠪᠠᠨ ᠱᠠᠲᠤ ᠬᠤᠪᠢᠶᠠᠵᠤ᠂ ᠪᠥᠬᠦ ᠬᠤᠰᠢᠭᠤᠨ ᠤ 7 ᠪᠠᠯᠭᠠᠰᠤᠨ ᠤ ᠪᠥᠬᠦ ᠦᠬᠡᠷ ᠬᠤᠨᠢ ᠲᠡᠵᠢᠭᠡᠨ ᠦᠷᠡᠵᠢᠭᠦᠯᠬᠦ ᠡᠷᠦᠬᠡ ᠶᠢᠨ 6 ᠰᠠᠷ᠎ᠠ ᠠᠴᠠ ᠳᠡᠭᠡᠭᠰᠢᠬᠢ ᠨᠠᠰᠤᠨ ᠤ ᠬᠤᠨᠢ ᠶᠢ 100 %᠎ ᠪᠠᠷ ᠬᠢᠨᠠᠨ ᠬᠡᠮᠵᠢᠵᠦ᠂ ᠪᠠᠶᠢᠴᠠᠭᠠᠵᠤ ᠭᠠᠷᠭᠠᠭᠰᠠᠨ ᠠᠷᠭ᠎ᠠ ᠴᠢᠨᠠᠷᠲᠠᠶ ᠮᠠᠯ ᠢ ᠪᠦᠬᠦᠨ ᠢ ᠠᠷᠢᠭᠤᠳᠬᠠᠵᠦ᠂ ᠰᠢᠨ᠎ᠡ ᠪᠠᠷ ᠢᠯᠡᠷᠡᠭᠦᠯᠦᠭᠰᠡᠨ ᠠᠷᠭ᠎ᠠ ᠴᠢᠨᠠᠷᠲᠠᠶ ᠬᠢᠵᠢᠭ ᠤᠨ ᠴᠡᠭ ᠲᠤ ᠠᠷᠭ᠎ᠠ ᠴᠢᠨᠠᠷᠲᠠᠶ ᠮᠠᠯ ᠢ ᠠᠷᠢᠭᠤᠳᠬᠠᠵᠦ ᠬᠤᠤᠷ ᠥᠬᠡᠶᠢᠳᠡᠭᠦᠯᠦᠨ  ᠰᠢᠢᠳᠪᠦᠷᠢᠯᠡᠭᠰᠡᠨ ᠤ ᠳᠠᠷᠠᠭ᠎ᠠ᠂ ᠬᠢᠵᠢᠭ ᠢ ᠰᠡᠷᠭᠡᠶᠢᠯᠡᠬᠦ ᠠᠵᠢᠯᠲᠠᠨ ᠠᠴᠠ ᠬᠠᠰᠢᠶ᠎ᠠ ᠰᠠᠷᠠᠪᠴᠢ᠂ ᠠᠵᠢᠯᠯᠠᠭᠠᠨ ᠤ ᠲᠠᠯᠠᠪᠤᠷ᠂ ᠢᠳᠡᠭᠡᠨ ᠤ ᠣᠩᠭᠤᠴᠠ ᠵᠡᠷᠭᠡ ᠶᠢ ᠪᠥᠬᠦ ᠲᠠᠯ᠎ᠠ ᠪᠠᠷ ᠲᠦᠢᠯᠪᠤᠷᠢᠲᠠᠶ ᠤᠬᠢᠶᠠᠵᠤ ᠠᠷᠢᠭᠤᠳᠬᠠᠭᠰᠠᠨ ᠤ ᠬᠠᠮᠲᠤ᠂ ᠪᠷᠦ᠋ᠼᠧᠯ ᠡᠪᠡᠳᠴᠢᠨ ᠤ ᠠᠷᠭ᠎ᠠ ᠴᠢᠨᠠᠷᠲᠠᠶ ᠮᠠᠯ ᠤᠨᠤᠭ᠎ᠠ ᠵᠢᠴᠢ ᠠᠷᠭ᠎ᠠ ᠴᠢᠨᠠᠷᠲᠠᠶ ᠮᠠᠯ ᠤᠨ ᠪᠣᠬᠢᠷᠲᠤᠭᠰᠠᠨ ᠪᠠᠭᠠᠰᠤ ᠰᠢᠭᠡᠰᠦ᠂ ᠳᠡᠪᠢᠰᠦᠭᠰᠡᠨ ᠮᠠᠲ᠋ᠧᠷᠢᠶᠠᠯ ᠵᠡᠷᠭᠡ ᠶᠢ ᠰᠢᠲᠠᠭᠠᠬᠤ᠂ ᠭᠦᠨ ᠪᠤᠯᠠᠬᠤ ᠠᠷᠭ᠎ᠠ ᠮᠠᠶ᠋ᠢᠭ ᠢᠶᠠᠷ ᠬᠤᠤᠷ ᠥᠬᠡᠶᠢᠳᠡᠭᠦᠯᠦᠨ ᠰᠢᠢᠳᠪᠦᠷᠢᠯᠡᠵᠦ᠂ ᠪᠷᠦ᠋ᠼᠧᠯ ᠡᠪᠡᠳᠴᠢᠨ ᠤ ᠬᠢᠵᠢᠭ ᠳᠡᠯᠭᠡᠷᠡᠬᠦ ᠶᠢ ᠰᠡᠷᠭᠡᠶᠢᠯᠡᠨ ᠬᠤᠷᠢᠭᠯᠠᠵᠤ ᠪᠠᠶᠢᠨ᠎ᠠ᠃     ᠤᠬᠠᠭᠤᠯᠭ᠎ᠠ ᠶᠢᠨ ᠠᠵᠢᠯ ᠢ ︽ᠲᠣᠰᠬᠤᠨ ᠡᠷᠦᠬᠡ ᠳᠤ ᠣᠷᠣᠭᠤᠯᠬᠤ︾᠎ ᠶᠢ ᠪᠡᠶᠡᠯᠡᠭᠦᠯᠪᠡ᠃ ᠪᠷᠦ᠋ᠼᠧᠯ ᠡᠪᠡᠳᠴᠢᠨ ᠤ ᠬᠤᠤᠷ ᠬᠥᠨᠥᠭᠡᠯ ᠢ ᠮᠡᠳᠡᠬᠦ ᠨᠣᠷᠮ᠎ᠠ ᠶᠢ ᠪᠥᠬᠦ ᠲᠠᠯ᠎ᠠ ᠪᠠᠷ ᠲᠡᠭᠡᠭᠰᠢᠯᠡᠬᠦᠯᠬᠦ ᠶᠢᠨ ᠲᠥᠯᠥᠭᠡ᠂ ᠥᠯᠢᠭᠡᠷ ᠠᠪᠬᠤ ᠠᠵᠢᠯ ᠤᠨ ᠳᠤᠭᠤᠶᠢᠯᠠᠩ ᠡᠯ᠎ᠡ ᠪᠠᠯᠭᠠᠰᠤ᠂ ᠡᠯ᠎ᠡ ᠲᠣᠰᠬᠤᠨ᠂ ᠡᠯ᠎ᠡ ᠡᠷᠦᠬᠡ ᠳᠤ ᠭᠦᠨᠵᠡᠭᠡᠶᠢᠷᠡᠨ ᠥᠯᠢᠭᠡᠷ ᠠᠪᠬᠤ ᠠᠵᠢᠯ ᠥᠷᠨᠢᠭᠦᠯᠬᠦ ᠳᠡᠭᠡᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠮᠠᠲᠠᠭ ᠲᠠᠢ ᠠᠰᠠᠭᠤᠳᠠᠯ ᠢ ᠳᠡᠶᠢᠯᠵᠦ ᠮᠠᠲᠠᠭ ᠲᠠᠢ ᠠᠰᠠᠭᠤᠳᠠᠯ ᠢ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ᠪᠷᠦ᠋ᠼᠧᠯ ᠡᠪᠡᠳᠴᠢᠨ ᠤ ᠬᠤᠤᠷ ᠬᠥᠨᠥᠭᠡᠯᠲᠦ ᠴᠢᠨᠠᠷ ᠪᠠ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ  ᠤᠬᠠᠭᠤᠯᠵᠦ᠂ ᠬᠥᠮᠦᠰ ᠤᠨ ᠪᠷᠦ᠋ᠼᠧᠯ ᠡᠪᠡᠳᠴᠢᠨ ᠢ ᠰᠡᠷᠭᠡᠶᠢᠯᠡᠬᠦ ᠤᠬᠠᠮᠰᠠᠷ ᠢ ᠲᠡᠭᠡᠭᠰᠢᠯᠡᠬᠦᠯᠦᠨ᠂ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠠᠰᠬᠠᠪᠠ᠃     ᠰᠢᠯᠵᠢᠭᠦᠯᠦᠨ ᠲᠡᠭᠡᠭᠡᠪᠦᠷᠢᠯᠡᠬᠦ ᠶᠢ ᠬᠢᠨᠠᠨ ᠬᠠᠮᠢᠶᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠪᠠ᠃ ᠮᠠᠯ ᠤᠨᠤᠭ᠎ᠠ ᠶᠢ ᠪᠠᠶᠢᠨ ᠳᠠᠬᠢᠨ ᠰᠢᠯᠵᠢᠭᠦᠯᠦᠨ ᠲᠡᠭᠡᠭᠡᠪᠦᠷᠢᠯᠡᠬᠦ ᠵᠢᠴᠢ ᠠᠷᠠᠯᠵᠢᠶᠠᠯᠠᠬᠤ ᠪᠣᠯ ᠬᠥᠮᠦᠨ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠶᠢᠨ ᠭᠤᠣᠯ ᠰᠢᠯᠳᠠᠭᠠᠨ ᠪᠣᠯᠤᠨ᠎ᠠ᠂ ᠡᠵᠡᠨ ᠬᠤᠷᠤᠭ᠎ᠠ ᠬᠤᠰᠢᠭᠤ ᠰᠢᠯᠵᠢᠭᠦᠯᠦᠨ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠤᠯᠢ ᠲᠣᠭᠲᠠᠭᠠᠯ ᠠᠴᠠ ᠵᠥᠷᠢᠴᠡᠨ ᠮᠠᠯ ᠢ ᠲᠡᠭᠡᠭᠡᠪᠦᠷᠢᠯᠡᠬᠦ ᠵᠢᠴᠢ ᠦᠢᠯᠡᠳᠬᠦᠨ ᠢᠶᠠᠨ ᠰᠢᠯᠵᠢᠭᠦᠯᠦᠨ ᠵᠥᠭᠡᠭᠡᠪᠦᠷᠢᠯᠡᠬᠦ ᠠᠵᠢᠯᠯᠠᠭ᠎ᠠ ᠳᠤ ᠴᠣᠬᠢᠯᠲᠠ ᠦᠭᠴᠦ᠂ ᠡᠭᠦᠨ ᠤ ᠬᠠᠮᠲᠤ᠂ ᠪᠥᠬᠦ ᠬᠤᠰᠢᠭᠤᠨ ᠤ ᠪᠷᠦ᠋ᠼᠧᠯ ᠡᠪᠡᠳᠴᠢᠨ ᠤ ᠲᠠᠷᠬᠠᠯᠲᠠ ᠶᠢᠨ ᠪᠠᠶᠢᠳᠠᠯ ᠪᠠ ᠡᠭᠦᠰᠦᠭᠰᠡᠨ ᠰᠢᠯᠲᠠᠭᠠᠨ ᠢ ᠲᠣᠳᠣᠷᠬᠠᠶ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠨᠠᠷᠢᠯᠢᠭ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠦᠨ᠂ ᠪᠥᠬᠦ ᠬᠤᠰᠢᠭᠤᠨ ᠤ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠰᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠪᠥᠬᠦ ᠬᠤᠰᠢᠭᠤᠨ ᠤ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ ᠢ ᠲᠣᠭᠲᠠᠭᠤᠨ ᠪᠠᠶᠢᠯᠭᠠᠬᠤ ᠶᠢᠨ ᠬᠠᠮᠲᠤ ᠪᠠᠭᠤᠷᠠᠭᠤᠯᠬᠤ ᠶᠢ ᠦᠨᠡᠨ ᠬᠦ ᠪᠠᠳᠤᠯᠠᠬᠰᠠᠨ ᠪᠠᠶᠢᠨ᠎ᠠ᠃                    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ