ᠦ᠋ ᠶᠦᠨ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ  ᠵᠡᠷᠭᠡ ᠠᠵᠢᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2023/3/28
       3 ᠳ᠋ᠣᠭᠠᠷ ᠰᠠᠷ᠎ᠠ ᠶᠢᠨ 27᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠦ᠋ ᠶᠦᠨ ᠬᠤᠰᠢᠭᠤ ᠳᠠᠷᠤᠭ᠎ᠠ ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠤᠰᠤᠲᠥ᠋ᠷᠥᠭᠴᠢ ᠶᠢ ᠨᠡᠮᠡᠵᠦ ᠬᠠᠳᠠᠭᠠᠯᠠᠬᠤ ᠪᠠ ᠴᠠᠬᠢᠯᠭᠠᠨ ᠰᠣᠯᠢᠬᠤ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠦᠷᠲᠡᠭᠡ᠂ ᠤᠰᠤᠲᠥ᠋ᠷᠥᠭᠴᠢ ᠶᠢ ᠨᠡᠮᠡᠬᠦ ᠦᠷᠲᠡᠭᠡ᠂ ᠴᠠᠬᠢᠯᠭᠠᠨ ᠰᠣᠯᠢᠬᠤ ᠦᠷᠲᠡᠭᠡ ᠪᠠᠶᠢᠭᠤᠯᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ᠂ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠲᠣᠬᠢᠷᠠᠭᠤᠯᠪᠠ᠃      ᠬᠤᠷᠠᠯ ᠠᠴᠠ ᠤᠰᠤᠲᠥ᠋ᠷᠥᠭᠴᠢ ᠨᠡᠮᠡᠵᠦ ᠬᠠᠳᠠᠭᠠᠯᠠᠬᠤ ᠪᠠ ᠴᠠᠬᠢᠯᠭᠠᠨ ᠰᠣᠯᠢᠬᠤ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠦᠷᠳᠡᠭᠡ᠂ ᠤᠰᠤᠲᠥ᠋ᠷᠥᠭᠴᠢ ᠶᠢ ᠨᠡᠮᠡᠬᠦ ᠦᠷᠳᠡᠭᠡ᠂ ᠴᠠᠬᠢᠯᠭᠠᠨ ᠴᠡᠨᠡᠭ ᠰᠤᠯᠢᠬᠤ ᠦᠷᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠶᠠᠪᠤᠳᠠᠯ ᠢ ᠰᠤᠳᠤᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠨᠡᠩ ᠤᠯᠠᠨ ᠬᠡᠷᠡᠭᠯᠡᠭᠡᠨ ᠤ ᠲᠠᠯᠠᠪᠤᠷ ᠢ ᠴᠤᠭᠴᠠᠯᠠᠵᠤ᠂ ᠵᠢᠯᠣᠭᠤᠴᠢ ᠦᠭᠡᠢ ᠮᠠᠰᠢᠨ ᠲᠡᠷᠭᠡ᠂ ᠲᠡᠭᠡᠭᠡᠪᠦᠷᠢ ᠶᠢᠨ ᠲᠤᠰᠬᠠᠢ ᠱᠤᠭᠤᠮ ᠵᠡᠷᠭᠡ ᠵᠢᠱᠢᠶ᠎ᠡ ᠦᠵᠡᠭᠦᠯᠬᠦ ᠱᠤᠭᠤᠮ ᠢ ᠨᠡᠭᠡᠭᠡᠵᠦ᠂ ᠥᠪᠡᠷ ᠤᠨ ᠦᠷᠳᠡᠭ ᠢ ᠴᠢᠷᠮᠠᠶᠢᠨ ᠪᠠᠭᠤᠷᠠᠭᠤᠯᠵᠤ᠂ ᠵᠢᠱᠢᠶ᠎ᠡ ᠦᠵᠡᠭᠦᠯᠵᠦ᠂ ᠬᠡᠪ ᠳᠠᠭᠤᠷᠢᠶᠠᠯ ᠪᠣᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ ᠶᠢ ᠳᠡᠮᠵᠢᠬᠦ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠠᠮᠢᠶ᠎ᠠ ᠪᠦᠬᠦᠢ ᠳᠦᠷᠢᠮ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠦᠢᠯᠡᠰ ᠤᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠳᠤᠮᠳᠠᠳᠤ ᠪᠠᠭ᠎ᠠ ᠰᠤᠷᠭᠠᠭᠤᠯᠢ ᠶᠢᠨ ᠦᠳᠡ ᠶᠢᠨ ᠠᠮᠠᠷᠠᠯᠲᠠ ᠦᠳᠡ ᠶᠢᠨ ᠬᠤᠭᠤᠯᠠ ᠶᠢ ᠪᠦᠬᠦᠨ ᠢ ᠪᠦᠷᠬᠦᠬᠦᠯᠬᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠴᠠᠯᠢᠩ ᠬᠥᠯᠥᠰᠦ ᠶᠢᠨ ᠥᠭᠡᠷᠡᠴᠢᠯᠡᠯᠲᠡ ᠵᠡᠷᠭᠡ ᠪᠤᠰᠤᠳ ᠵᠦᠢᠯᠡᠰ ᠢ ᠰᠤᠳᠤᠯᠪᠠ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ 
ᠢᠷᠡᠯᠲᠡ᠄ ᠲᠤᠰ ᠰᠦᠯᠵᠢᠶ᠎ᠡ