ᠦ᠋ ᠶᠦᠨ ᠣᠷᠳᠣᠰ ᠬᠤᠳᠠ ᠶᠢᠨ ᠳ᠋ᠦᠩ ᠹᠠᠩ ᠨᠡᠭᠦᠷᠡᠰᠦ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠬᠤᠸᠠᠢ ᠢᠦᠢ ᠲᠠᠢ ᠠᠵᠤ ᠠᠬᠤᠶᠢᠯᠠᠯ ᠤᠨ ᠶᠡᠷᠦᠩᠬᠡᠢ ᠭᠠᠵᠠᠷ ᠢ ᠤᠷᠤᠨᠰᠢᠭᠤᠯᠬᠤ ᠵᠣᠯᠭᠠᠭᠤᠯᠬᠤ ᠶᠠᠪᠤᠳᠠᠯ ᠤᠨ ᠲᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2023/3/29
      3 ᠳ᠋ᠣᠭᠠᠷ ᠰᠠᠷ᠎ᠠ ᠶᠢᠨ 28᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠦ᠋ ᠶᠦᠨ ᠣᠷᠳᠣᠰ ᠬᠤᠲᠠ ᠶᠢᠨ ᠳ᠋ᠦᠩ ᠹᠠᠩ ᠨᠡᠭᠦᠷᠡᠰᠦ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠡᠷᠦᠩᠬᠡᠢ ᠳᠠᠭᠠᠭᠠᠮᠠᠯ ᠯᠢ ᠬᠤᠸᠠᠢ ᠢᠦᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠵᠤ ᠠᠬᠤᠶᠢᠯᠠᠯ ᠤᠨ ᠶᠡᠷᠦᠩᠬᠡᠢ ᠭᠠᠵᠠᠷ ᠢ ᠤᠷᠤᠨᠰᠢᠭᠤᠯᠬᠤ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃
吴云与鄂尔多斯市东方煤电有限公司董事长李怀玉座谈对接企业总部落地事宜.jpg
         ᠯᠢ ᠬᠤᠸᠠᠢ ᠢᠦᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠶᠠᠷᠢᠬᠤ ᠳᠠᠭᠠᠨ᠂ ᠣᠶᠢᠷ᠎ᠠ ᠶᠢᠨ ᠵᠢᠯ ᠠᠴᠠ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠲᠠᠰᠤᠷᠠᠯᠳᠡ ᠦᠭᠡᠢ ᠥᠷᠭᠡᠵᠢᠵᠦ᠂ ᠡᠬᠢ ᠪᠠᠶᠠᠯᠢᠭ ᠤᠨ ᠳᠠᠪᠠᠭᠤᠯᠢᠭ ᠭᠠᠵᠠᠷ ᠣᠷᠣᠨ ᠲᠡᠰᠢ ᠲᠥᠪᠯᠡᠷᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ ᠪᠠᠶᠢᠨ᠎ᠠ᠃ ᠵᠠᠯᠭᠠᠭᠠᠳ᠂ ᠨᠡᠪᠲᠡᠷᠡᠯᠴᠡᠵᠦ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠰᠣᠩᠭᠤᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠠᠯᠢ ᠲᠦᠷᠭᠡᠨ ᠢᠶᠠᠷ ᠦᠨᠡᠨ ᠪᠣᠳᠠᠲᠠᠢ ᠠᠬᠢᠴᠠ ᠲᠠᠢ ᠪᠣᠯᠭᠠᠨ᠎ᠠ ᠬᠡᠪᠡ᠃      ᠦ᠋ ᠶᠦᠨ ᠯᠢ ᠬᠤᠸᠠᠢ ᠢᠦᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠡᠵᠡᠨ ᠬᠤᠷᠤᠭ᠎ᠠ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠪᠠᠶᠢᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠬᠤ ᠪᠣᠯ ᠪᠡᠯᠡ ᠣᠷᠣᠭᠤᠯᠵᠤ ᠦᠢᠯᠡᠰ ᠬᠥᠭᠵᠢᠭᠦᠯᠬᠦ ᠬᠠᠯᠠᠭᠤᠨ ᠬᠥᠷᠥᠰᠥ ᠮᠥᠨ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠤᠭ ᠤᠨ ᠦᠨᠡᠨᠴᠢ ᠰᠡᠳᠬᠢᠯ ᠪᠠ ᠴᠢᠷᠮᠠᠶᠢᠯᠭ᠎ᠠ ᠪᠠᠷ ᠢᠶᠠᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠬᠥᠭᠵᠢᠭᠦᠯᠬᠦ ᠪᠠ ᠶᠡᠷᠦᠩᠬᠡᠢ ᠭᠠᠵᠠᠷ ᠲᠤ ᠣᠷᠣᠵᠤ ᠰᠠᠭᠤᠬᠤ ᠳᠤ ᠥᠨᠳᠥᠷ ᠪᠦᠲᠦᠮᠵᠢᠲᠡᠶ᠂ ᠴᠢᠨᠠᠷ ᠰᠠᠶᠢᠲᠠᠢ᠂ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠤᠨ ᠡᠵᠡᠨ ᠬᠤᠷᠤᠭ᠎ᠠ ᠬᠤᠰᠢᠭᠤᠨ ᠳᠤ ᠪᠡᠯᠡ ᠣᠷᠣᠭᠤᠯᠬᠤ ᠳᠤ ᠰᠠᠨᠠᠭ᠎ᠠ ᠠᠮᠤᠷ᠂ ᠦᠢᠯᠡᠰ ᠴᠣᠭᠴᠠᠯᠠᠬᠤ ᠳᠤ ᠰᠠᠨᠠᠭ᠎ᠠ ᠠᠮᠤᠷ᠂ ᠬᠥᠭᠵᠢᠯᠲᠡ ᠳᠤ ᠰᠠᠨᠠᠭ᠎ᠠ ᠠᠮᠤᠷ ᠪᠠᠶᠢᠬᠤ ᠶᠢ ᠦᠨᠡᠨ ᠬᠦ ᠪᠠᠲᠤᠯᠠᠨ᠎ᠠ ᠭᠡᠪᠡ᠃     ᠡᠵᠡᠨ ᠬᠤᠷᠤᠭ᠎ᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠣᠷᠳᠣᠰ ᠬᠤᠳᠠ ᠶᠢᠨ ᠳ᠋ᠦᠩ ᠹᠠᠩ ᠨᠡᠭᠦᠷᠡᠰᠦ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ