ᠡᠵᠡᠨ ᠬᠤᠷᠤᠭ᠎ᠠ ᠬᠤᠰᠢᠭᠤ᠄ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/15
     ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠲᠠᠷᠢᠶᠠᠯᠠᠩ ᠤᠨ ᠰᠠᠯᠠᠭ᠎ᠠ ᠮᠥᠴᠢᠷ ᠤᠨ ᠬᠥᠮᠦᠵᠢᠯ ᠪᠣᠯᠪᠠᠰᠤᠷᠠᠯ ᠤᠨ ᠡᠭᠦᠷᠭᠡ ᠴᠢᠳᠠᠪᠬᠢ ᠶᠢ ᠬᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠪᠠᠷ ᠥᠷᠨᠢᠭᠦᠯᠵᠦ᠂ ᠨᠢᠭᠡ ᠪᠦᠯᠦᠭ ︽ᠲᠠᠷᠢᠶᠠᠯᠠᠩ ᠎ ᠳᠤ ᠪᠠᠬ᠎ᠠ ᠲᠠᠢ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠯᠲᠡ ᠬᠢᠬᠦ ᠳᠡᠭᠡᠨ ᠴᠢᠳᠠᠮᠠᠭᠠᠶ᠂  ᠬᠠᠮᠢᠶᠠᠷᠤᠯᠳᠠ ᠬᠢᠵᠤ ᠴᠢᠳᠠᠬᠤ︾ ᠥᠨᠳᠥᠷ ᠬᠡᠪ ᠪᠣᠯᠪᠠᠰᠤᠷᠠᠯ ᠲᠠᠢ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠦᠷᠢᠯᠳᠤᠬᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃     ᠭᠦᠸᠧ ᠶᠦᠨ ᠹᠧᠩ ᠪᠣᠯ ᠡᠵᠡᠨ ᠬᠤᠷᠤᠭ᠎ᠠ ᠬᠤᠰᠢᠭᠤᠨ ᠤ 2020 ᠣᠨ ᠪᠠ 2022 ᠣᠨ ᠤ ᠬᠤᠶᠠᠷ ᠬᠤᠭᠤᠴᠠᠭᠠᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠦᠮᠤᠵᠢᠬᠦᠯᠬᠦ ᠪᠤᠯᠪᠠᠰᠤᠷᠠᠯ ᠳᠤ ᠤᠷᠤᠯᠴᠠᠭᠴᠢ ᠪᠣᠯᠤᠨ᠎ᠠ᠂ ᠡᠨᠡ ᠵᠢᠯ ᠲᠡᠷᠡ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ᠂ ᠰᠤᠪᠤᠷᠭ᠎ᠠ ᠪᠠᠯᠭᠠᠰᠤᠨ ᠤ ᠶᠠᠩ ᠵᠢᠶᠠ ᠬᠤᠤ ᠲᠣᠰᠬᠤᠨ ᠤ 800 ᠮᠥ ᠭᠠᠵᠠᠷ ᠢ ᠰᠢᠯᠵᠢᠭᠦᠯᠦᠨ ᠠᠰᠢᠭᠯᠠᠵᠤ ᠤᠯᠠᠭᠠᠨ ᠰᠣᠩᠭᠢᠨ᠎ᠠ ᠳᠠᠷᠢᠪᠠ᠃ ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠠᠵᠢᠯᠲᠠᠨ ᠤᠯᠠᠭᠠᠨ ᠰᠣᠩᠭᠢᠨ᠎ᠠ ᠲᠠᠷᠢᠬᠤ ᠭᠠᠵᠠᠷ ᠤᠨ ᠲᠤᠬᠠᠶ ᠶᠢᠨ ᠲᠠᠯᠠᠪᠠᠶ ᠳᠤ ᠬᠦᠷᠴᠦ ᠭᠦᠸᠧ ᠶᠦᠨ ᠹᠧᠩ ᠳᠤ ᠲᠠᠷᠢᠬᠤ ᠠᠴᠠ ᠡᠮᠦᠨᠡᠬᠢ ᠮᠡᠷᠭᠡᠵᠢᠯ ᠤᠨ ᠪᠣᠯᠪᠠᠰᠤᠷᠠᠯ ᠬᠠᠩᠭᠠᠭᠰᠠᠨ ᠪᠥᠭᠡᠳ ᠬᠠᠮᠢᠶ᠎ᠠ ᠪᠥᠬᠦᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃     ᠭᠦᠸᠧ ᠶᠦᠨ ᠹᠧᠩ ᠰᠤᠷᠪᠤᠯᠵᠢᠯᠠᠭᠴᠢ ᠳᠤ᠄ ︽ᠡᠨᠡ ᠬᠦ ᠪᠣᠯᠪᠠᠰᠤᠷᠠᠯ ᠢᠶᠠᠷ ᠳᠡᠮᠵᠢᠨ᠂ ᠲᠤᠰᠬᠠᠶ ᠮᠡᠷᠭᠡᠵᠢᠯ ᠤᠨ ᠮᠡᠳᠡᠯᠭᠡ ᠰᠤᠷᠴᠤ᠂ ᠤᠶᠢᠯᠡᠳᠤᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠨᠠᠩ ᠴᠢᠬᠤᠯᠠ ᠨᠢ ᠬᠠᠷᠠᠭ᠎ᠠ ᠪᠠᠨ ᠥᠷᠭᠡᠳᠬᠡᠨ᠂ ᠰᠡᠳᠬᠢᠮᠵᠢ ᠪᠠᠨ ᠲᠤᠳᠤᠬᠠᠨ ᠪᠤᠯᠭᠠᠵᠤ᠂ ᠦᠵᠡᠯᠲᠡ ᠪᠠᠨ  ᠰᠢᠨᠡᠳᠭᠡᠨ᠂ ᠢᠷᠡᠭᠡᠳᠦᠶ ᠶᠢᠨ ᠬᠥᠭᠵᠢᠯᠲᠡ ᠳᠤ ᠢᠲᠡᠭᠡᠯ ᠳᠦᠭᠦᠷᠡᠩ ᠪᠤᠯᠤᠯ᠎ᠠ︾ ᠭᠡᠮᠡᠨ ᠪᠠᠶᠠᠷᠳᠠᠶᠢᠬᠠᠨ ᠶᠠᠷᠢᠵᠤ ᠪᠠᠶᠢᠯ᠎ᠠ᠃     ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠵᠠᠭᠪᠤᠷ ᠲᠤ ᠲᠥᠪᠯᠡᠷᠡᠩᠭᠦᠶ ᠎ ᠪᠠᠷ ᠣᠨᠣᠯ ᠤᠨ ᠪᠣᠯᠪᠠᠰᠤᠷᠠᠯ ᠬᠢᠬᠦ᠂ ᠣᠷᠣᠨ ᠤ ᠭᠠᠳᠠᠨᠠᠬᠢ ᠤᠶᠢᠯᠡᠳᠤᠯᠭᠡ ᠶᠢᠨ ᠦᠵᠡᠭᠦᠯᠦᠯᠭᠡ ᠰᠤᠷᠤᠯᠴᠠᠯᠭ᠎ᠠ ᠬᠢᠬᠦ᠂ ᠬᠤᠰᠢᠭᠤᠨ ᠤ ᠳᠣᠲᠣᠷᠠᠬᠢ ᠵᠢᠱᠢᠶ᠎ᠡ ᠦᠵᠡᠭᠦᠯᠬᠦ ᠴᠡᠭ ᠤᠨ ᠲᠥᠪᠯᠡᠷᠡᠩᠭᠦᠶ ᠬᠠᠷᠢᠭᠤ ᠰᠤᠷᠪᠤᠯᠵᠢᠯᠠᠭ᠎ᠠ ᠬᠢᠬᠦ᠂ ᠣᠨᠴᠠ ᠵᠠᠷᠢᠮ ᠬᠠᠷᠢᠭᠤ ᠰᠤᠷᠪᠤᠯᠵᠢᠯᠠᠭ᠎ᠠ ᠬᠢᠬᠦ ᠵᠡᠷᠭᠡ ᠳᠥᠷᠪᠡᠨ ᠬᠡᠰᠡᠭ ᠪᠠᠭᠲᠠᠵᠤ᠂  ᠲᠠᠷᠢᠬᠤ ᠠᠴᠠ ᠡᠮᠦᠨᠡᠬᠢ ᠮᠡᠷᠭᠡᠵᠢᠯ ᠤᠨ ᠪᠣᠯᠪᠠᠰᠤᠷᠠᠯ᠂  ᠤᠷᠭᠤᠵᠤ ᠪᠠᠶᠢᠭ᠎ᠠ ᠬᠤᠭᠤᠴᠠᠭᠠᠨ ᠳᠠᠬᠢ ᠮᠡᠷᠭᠡᠵᠢᠯ ᠤᠨ ᠵᠢᠯᠣᠭᠤᠳᠣᠯᠭ᠎ᠠ᠂ ᠬᠤᠷᠢᠶᠠᠭᠰᠠᠨ ᠤ ᠳᠠᠷᠠᠭᠠᠬᠢ ᠵᠣᠬᠢᠴᠠᠩᠭᠤᠶ ᠪᠣᠷᠣᠯᠠᠭᠤᠯᠤᠯᠲᠠ ᠬᠢᠬᠦ ᠪᠥᠬᠦ ᠲᠠᠯ᠎ᠠ ᠶᠢᠨ ᠮᠥᠷᠳᠡᠨ ᠤᠶᠢᠯᠡᠴᠢᠯᠡᠭᠡ ᠪᠣᠯᠵᠣ ᠪᠦᠷᠢᠯᠳᠤᠨ᠂ ᠲᠤᠯᠤᠭᠠᠨ ᠵᠢᠯ ᠤᠨ ᠬᠡᠷᠡᠭᠵᠢᠭᠦᠯᠦᠯᠲᠡ ᠪᠠᠷ ᠳᠡᠮᠵᠢᠨ᠂  ᠭᠦᠸᠧ ᠶᠦᠨ ᠹᠧᠩ ᠰᠢᠭ ᠠᠵᠤ ᠤᠶᠢᠯᠡᠰ ᠤᠨ ᠳᠠᠭᠠᠭᠤᠯᠤᠭᠴᠢ᠂ ᠪᠠᠶᠠᠵᠢᠯ ᠤᠨ ᠳᠠᠭᠠᠭᠤᠯᠤᠭᠴᠢ᠂ ᠲᠠᠷᠢᠶᠠᠯᠠᠩ ᠤᠨ ᠠᠵᠤ ᠠᠬᠤᠶᠢᠯᠠᠯ ᠤᠨ ᠬᠠᠮᠢᠶᠠᠷᠤᠭᠴᠢ ᠵᠡᠷᠭᠡ 300 ᠭᠠᠷᠤᠶ ᠬᠥᠮᠦᠨ ᠢ ᠨᠢᠭᠡᠨᠲᠡ ᠬᠦᠮᠤᠵᠢᠬᠦᠯᠵᠦ ᠴᠢᠳᠠᠭᠰᠠᠨ ᠪᠠᠶᠢᠨ᠎ᠠ᠃     ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠬᠥᠮᠦᠵᠢᠭᠦᠯᠬᠦ ᠠᠭᠤᠯᠭ᠎ᠠ ᠶᠢᠨ ᠴᠢᠭᠯᠡᠯᠲᠦ ᠴᠢᠨᠠᠷ᠂ ᠶᠠᠪᠤᠴᠠ ᠶᠢᠨ ᠬᠠᠮᠢᠶᠠᠷᠤᠯᠲᠠ ᠶᠢᠨ ᠵᠢᠷᠤᠮᠵᠢᠯᠳᠤ ᠴᠢᠨᠠᠷ᠂ ᠬᠥᠮᠦᠵᠢᠭᠦᠯᠬᠦ ᠦᠷ᠎ᠡ ᠳ᠋ᠦᠩ ᠤᠨ ᠪᠦᠲᠦᠮᠵᠢᠲᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠡᠩᠨᠡᠭᠡ ᠶᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠤ ᠠᠵᠤ  ᠤᠶᠢᠯᠡᠰ ᠤᠨ ᠬᠥᠭᠵᠢᠯᠲᠡ ᠪᠣᠯᠤᠨ ᠴᠢᠳᠠᠪᠤᠷᠢᠲᠠᠨ ᠤ ᠬᠥᠭᠵᠢᠯ ᠮᠠᠨᠳᠤᠯ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠢ ᠤᠯᠭᠤᠭᠰᠠᠨ ᠪᠠᠶᠢᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ