| ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠡᠤ ᠶᠦᠨ | | | ᠲᠥᠯᠥᠭᠡᠯᠡᠭᠴᠢᠳ ᠠ᠋᠄ | ᠤᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ | ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠬᠢᠯᠡᠯᠲᠡ ᠶᠢᠨ ᠵᠢᠯ᠂ ᠮᠦᠨᠴᠦ | ᠡᠵᠡᠨ ᠬᠤᠷᠤᠭ᠎ᠠ ᠶᠢᠨ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ ᠮᠦᠷᠳᠡᠬᠡᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ | ᠮᠥᠨ᠃ ᠨᠢᠭᠡ ᠵᠢᠯ ᠤᠨ ᠲᠤᠷᠰᠢ᠂ ᠶᠡᠭᠡ ᠶᠠᠪᠤᠳᠠᠯ ᠴᠢᠬᠤᠯᠠ ᠶᠠᠪᠤᠳᠠᠯ ᠬᠦᠴᠢᠷ ᠶᠠᠪᠤᠳᠠᠯ ᠳᠠᠪᠬᠤᠴᠠᠭᠰᠠᠨ ᠪᠤᠳᠤᠯᠢᠶᠠᠨᠲᠠᠢ ᠪᠠᠶᠢᠳᠠᠯ᠂ ᠠᠵᠤ ᠠᠬᠤᠢ ᠶᠢᠨ | ᠪᠠᠭᠤᠷᠠᠯᠲᠠ ᠶᠢᠨ ᠬᠠᠲᠠᠭᠤ ᠴᠢᠩᠭ᠎ᠠ ᠰᠢᠯᠭᠠᠯᠲᠠ ᠪᠠ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠪᠠᠶᠢᠯᠭᠠᠬᠤ ᠬᠦᠨᠳᠦ ᠶᠡᠭᠡ ᠡᠭᠦᠷᠭᠡ ᠶᠢᠨ ᠡᠮᠦᠨ᠎ᠡ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠪᠠᠷ ᠭᠤᠤᠯ ᠱᠤᠭᠤᠮ ᠪᠤᠯᠭᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ᠂ ᠠᠵᠤ ᠠᠬᠤᠢ ᠶᠢ ᠯᠠᠪᠳᠠᠭᠤᠨ ᠪᠠᠶᠢᠯᠭᠠᠵᠤ᠂ ᠬᠥᠭᠵᠢᠯᠲᠡ ᠶᠢᠨ | ᠠᠮᠤᠷ ᠲᠤᠭᠳᠠᠭᠤᠨ ᠢ ᠪᠠᠳᠤᠯᠠᠬᠤ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ ᠢ ᠲᠤᠭᠤᠯᠤᠨ ᠪᠡᠷᠬᠡᠰᠢᠶᠡᠯ ᠢ ᠲᠠᠪᠠᠵᠤ᠂ ᠳᠠᠷᠤᠯᠲᠠ ᠶᠢ | ᠳᠠᠭᠠᠭᠠᠨ ᠡᠷᠡᠯᠬᠡᠭᠯᠡᠨ ᠤᠷᠤᠭᠰᠢᠯᠠᠵᠤ᠂ ᠲᠤᠶᠢᠯ ᠤᠨ ᠬᠢᠯᠪᠠᠷ ᠪᠤᠰᠤ᠂ ᠲᠦᠢᠯ ᠤᠨ ᠬᠤᠪᠤᠷ ᠨᠠᠨᠳᠢᠨ ᠬᠦᠭᠵᠢᠯᠳᠡ ᠶᠢᠨ ᠬᠠᠭᠤᠳᠠᠰᠤ ᠶᠢ ᠲᠤᠰᠢᠶᠠᠪᠠ᠃ | ᠮᠢᠩᠭᠠᠨ ᠳ᠋ᠦᠩᠰᠢᠭᠤᠷ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠲᠠᠢ ᠬᠤᠰᠢᠭᠤ ᠲᠤᠭᠤᠷᠢᠭ ᠤᠨ ᠡᠩᠨᠡᠭᠡᠨ ᠳᠤ ᠵᠢᠩᠬᠢᠨᠢ ᠪᠠᠷ ᠣᠷᠣᠪᠠ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠲᠠᠪᠠᠵᠤ᠂ 1219 ᠳ᠋ᠦᠩᠰᠢᠭᠤᠷ ᠲᠥᠭᠦᠷᠢᠭ | ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠠᠩᠬ᠎ᠠ ᠤᠳᠠᠭ᠎ᠠ ᠲᠠᠪᠤᠨ ᠵᠠᠭᠤᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ 561 | ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠩᠬ᠎ᠠ ᠤᠳᠠᠭ᠎ᠠ ᠵᠠᠭᠤᠨ ᠳ᠋ᠦᠩᠰᠢᠭᠤᠷ ᠲᠥᠭᠦᠷᠢᠭ ᠤᠨ ᠶᠡᠭᠡ | ᠪᠣᠭᠤᠮᠲᠠ ᠶᠢ ᠳᠠᠪᠠᠵᠤ᠂ 134 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 6.6%᠂ 86.7% ᠪᠠ 66.9% ᠨᠡᠮᠡᠭᠳᠡᠪᠡ᠃ ︽2022 | ᠣᠨ ᠤ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠰᠣᠩᠭᠤᠳᠠᠭ ᠬᠡᠷᠡᠭ ᠤᠨ ᠵᠢᠱᠢᠶ᠎ᠡ︾ ᠳᠤ ᠰᠤᠩᠭᠤᠭᠳᠠᠵᠤ᠂ ︽2022 ᠣᠨ ᠤ ᠰᠢᠶᠠᠨ | ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠭᠤᠨ ᠰᠢᠯᠢᠳᠡᠭ ᠬᠡᠪ ᠲᠠᠭᠤᠷᠢᠶᠠᠯ︾ ᠢᠶᠠᠷ ᠦᠨᠡᠯᠡᠭᠳᠡᠨ 6 ᠳ᠋ᠣᠭᠠᠷ ᠲᠤ ᠪᠠᠶᠢᠷᠢᠯᠠᠵᠤ᠂ ᠰᠢᠶᠡᠨ ᠤ ᠬᠡᠪᠴᠢᠶᠡᠨ ᠤ | ᠠᠵᠤ ᠠᠬᠤᠢ ᠶᠢᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠪᠦᠬᠦ ᠤᠷᠤᠨ ᠤ ᠲᠡᠷᠢᠬᠦᠨ᠂ ᠪᠦᠬᠦ ᠤᠯᠤᠰ ᠤᠨ 22 ᠲᠤ ᠪᠠᠶᠢᠷᠢᠯᠠᠪᠠ᠃ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠪᠦᠯᠦᠭᠯᠡᠯ ᠤᠨ ᠡᠨᠧᠷᠭᠢ ᠶᠢᠨ ᠬᠠᠳᠠᠭᠠᠯᠠᠭᠳᠠᠴᠠ ᠶᠢᠨ ᠬᠠᠨᠳᠤᠰᠢ ᠢᠯᠡᠷᠡᠪᠡ᠃ ︽ | ᠰᠠᠯᠬᠢᠨ ᠬᠡᠷᠡᠯ ᠤᠰᠤᠲᠥ᠋ᠷᠥᠭᠴᠢ ᠴᠡᠨᠡᠭ ᠬᠠᠳᠠᠭᠠᠯᠠᠬᠤ ᠲᠡᠷᠭᠡ︾ ᠲᠠᠪᠤᠨ ᠶᠡᠭᠡ ᠠᠵᠤ ᠦᠢᠯᠡᠰ ᠢ ᠲᠦᠷᠭᠡᠳᠬᠡᠨ ᠪᠠᠶᠢᠭᠤᠯᠵᠤ᠂ 10.5 GW ᠯᠢᠲ᠋ᠢ ᠢᠶᠤᠨ ᠤ | ᠳ᠋ᠢᠶᠠᠨ ᡂᠢ᠂ 2GW ᠲᠠᠩ ᠲᠠᠯᠠᠰᠲᠤ ᠴᠠᠬᠢᠭᠤᠷ ᠵᠢᠴᠢ ᠬᠡᠷᠡᠯ ᠴᠡᠨᠡᠭ ᠤᠨ ᠳ᠋ᠢᠶᠠᠨ ᡂᠢ ᠶᠢᠨ ᠲᠣᠨᠣᠭᠯᠠᠭᠠᠰᠤ᠂ 5000 ᠢᠵᠢ ᠤᠰᠤᠲᠥ᠋ᠷᠥᠭᠴᠢ ᠲᠦᠯᠡᠰᠢᠨ | ᠳ᠋ᠢᠶᠠᠨ ᡂᠢ ᠵᠡᠷᠭᠡ ᠨᠢᠭᠡ ᠪᠦᠯᠦᠭ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠦᠭᠡᠢ ᠠᠴᠠ ᠪᠠᠨ ᠪᠠᠶᠢᠬᠤ ᠪᠣᠯᠵᠤ ᠲᠡᠭ ᠤᠨ | ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠡᠨᠧᠷᠬᠢ ᠶᠢᠨ ᠰᠤᠷᠪᠤᠯᠵᠢ᠂ ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠲᠤᠰ ᠪᠦᠷᠢ 140% ᠪᠠ 80.8% | ᠨᠡᠮᠡᠭᠳᠡᠪᠡ᠃ ᠥᠨᠳᠥᠷ ᠪᠠᠷᠢᠮᠵᠢᠶ᠎ᠠ ᠪᠠᠷ ᠬᠤᠶᠠᠳᠤᠭᠠᠷ ᠬᠤᠭᠤᠴᠠᠭᠠᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ | ᠲᠦᠷᠦᠭᠦᠴᠦᠳ ᠤᠨ ᠬᠤᠷᠠᠯ ᠢ ᠲᠠᠭᠠᠭᠠᠴᠢᠯᠠᠨ ᠡᠷᠬᠢᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ | ᠵᠠᠭᠪᠤᠷ ᠨᠢ ᠤᠯᠠᠨ ᠤᠯᠤᠰ ᠤᠨ ᠡᠨᠧᠷᠭᠢ ᠶᠢᠨ ᠵᠠᠬᠢᠷᠭ᠎ᠠ ᠶᠢᠨ ︽ᠳᠤᠮᠳᠠᠳᠤ ᠤᠯᠤᠰ ᠤᠨ ᠪᠣᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ ᠶᠢᠨ | ᠵᠢᠱᠢᠶ᠎ᠡ︾ ᠪᠠᠷ ᠵᠢᠭᠰᠠᠭᠠᠭᠳᠠᠬᠤ ᠶᠢᠨ ᠬᠠᠮᠲᠤ ᠡᠸᠦ᠋ᠷᠦᠫᠡ ᠶᠢᠨ ᠬᠤᠯᠪᠣᠭ᠎ᠠ ᠳᠤ ︽ᠭᠠᠷᠭᠠᠵᠤ︾᠂ ᠪᠦᠬᠦ ᠪᠥᠮᠪᠥᠷᠴᠡᠭ ᠤᠨ ᠪᠣᠬᠢᠷᠳᠤᠯ ᠦᠭᠡᠢ ᠠᠵᠤ | ᠦᠢᠯᠡᠳᠪᠦᠷᠢ ᠶᠢᠨ ᠰᠢᠰᠲ᠋ᠧᠮ ᠤᠨ ᠰᠢᠨ᠎ᠡ ᠬᠡᠪ ᠲᠠᠭᠤᠷᠢᠶᠠᠯ ᠪᠤᠯᠪᠠ᠃ | ᠣᠯᠠᠨ ᠡᠬᠡᠯᠵᠢ ᠶᠢᠨ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠶᠢ ᠯᠠᠪᠳᠠᠭᠤᠨ ᠲᠣᠭᠲᠠᠭᠤᠨ ᠢᠶᠠᠷ ᠠᠷᠭᠠᠴᠠᠪᠠ᠃ ᠨᠠᠷᠢᠨ ᠤᠨᠤᠪᠴᠢᠳᠠᠢ ᠪᠠᠷ ᠰᠡᠷᠭᠡᠶᠢᠯᠡᠨ | ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠱᠠᠲᠤ ᠱᠠᠲᠤ ᠪᠠᠷ ᠲᠠᠷᠤᠭᠠᠰᠤ ᠨᠡᠮᠡᠬᠦ ᠦᠭᠡᠢ᠂ ᠳᠥᠭᠦᠮᠬᠡᠨ ᠢᠶᠠᠷ ᠪᠢᠲᠡᠭᠦᠮᠵᠢᠯᠡᠨ | ᠡᠵᠡᠮᠳᠡᠬᠦ ᠦᠭᠡᠢ᠂ ᠪᠦᠬᠦ ᠬᠤᠰᠢᠭᠤᠨ ᠤ 1 ᠲᠦᠮᠡ ᠭᠠᠷᠤᠢ ᠺᠠᠳ᠋ᠷ ᠠᠵᠢᠯᠲᠠᠨ ᠡᠳᠦᠷ ᠰᠦᠨᠢ ᠦᠬᠡᠢ ᠡᠷᠡᠯᠬᠡᠭᠯᠡᠨ ᠲᠡᠮᠡᠴᠡᠵᠦ᠂ ᠡᠯ᠎ᠡ ᠦᠨᠳᠦᠰᠦᠳᠡᠨ ᠤ ᠤᠯᠠᠨ | ᠲᠦᠮᠡᠨ ᠴᠠᠭ ᠤᠨ ᠪᠡᠷᠬᠡ ᠶᠢ ᠬᠠᠮᠳᠤ ᠪᠠᠷ ᠲᠤᠭᠤᠯᠵᠤ᠂ ᠰᠡᠳᠬᠢᠯ ᠨᠢᠬᠡᠳᠦᠨ ᠬᠢᠵᠢᠭ ᠲᠠᠢ ᠲᠡᠮᠡᠴᠡᠵᠦ᠂ ᠬᠠᠮᠤᠭ ᠤᠨ ᠪᠠᠭ᠎ᠠ ᠬᠡᠪᠴᠢᠶ᠎ᠡ᠂ ᠬᠠᠮᠤᠭ ᠤᠨ ᠣᠬᠤᠷ | ᠬᠤᠭᠤᠴᠠᠭ᠎ᠠ᠂ ᠬᠠᠮᠤᠭ ᠤᠨ ᠳᠣᠣᠷ᠎ᠠ ᠥᠪᠡᠷ ᠤᠨ ᠦᠷᠳᠡᠭ ᠢᠶᠠᠷ ᠤᠯᠠᠨ ᠡᠭᠡᠯᠵᠢ ᠶᠢᠨ ᠬᠢᠵᠢᠭ ᠤᠨ ᠳᠠᠭᠠᠷᠢᠯᠲᠠ ᠶᠢ ᠲᠤᠯᠵᠤ᠂ ᠡᠨᠧᠷᠭᠢ ᠶᠢᠨ ᠬᠠᠩᠭᠠᠯᠭ᠎ᠠ | ᠲᠠᠰᠤᠷᠠᠬᠤ ᠦᠬᠡᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠤᠭᠰᠤᠭᠠᠬᠤ ᠦᠬᠡᠢ᠂ ᠦᠢᠯᠡᠳᠪᠦᠷᠢᠯᠡᠯ ᠠᠵᠢᠯ ᠵᠣᠭᠰᠣᠬᠤ ᠦᠭᠡᠢ᠂ ᠰᠤᠷᠭᠠᠭᠤᠯᠢ ᠶᠢᠨ | ᠵᠢᠭᠠᠨ ᠰᠤᠷᠭᠠᠯᠲᠠ ᠬᠢᠴᠢᠶᠡᠯ ᠵᠣᠭᠰᠣᠬᠤ ᠦᠭᠡᠢ ᠪᠠᠶᠢᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ | ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠠᠵᠤ ᠠᠬᠤᠢ ᠨᠡᠶᠢᠬᠡᠮ ᠤᠨ | ᠬᠦᠭᠵᠢᠯᠳᠡ ᠶᠢ ᠪᠠᠳᠤᠯᠠᠪᠠ᠃ | ᠡᠯ᠎ᠡ ᠲᠦᠷᠦᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠪᠡ᠃ ᠤᠶᠢᠷ᠎ᠠ ᠶᠢᠨ 30 ᠵᠢᠯ ᠤᠨ ᠬᠠᠮᠤᠭ ᠤᠨ ᠬᠦᠨᠳᠦ ᠨᠣᠴᠢᠲᠠᠢ | ᠬᠠᠪᠤᠷ ᠵᠤᠨ ᠤ ᠤᠯᠠᠷᠢᠯ ᠤᠨ ᠦᠷᠬᠦᠯᠵᠢᠯᠡᠭᠰᠡᠨ ᠭᠠᠩ ᠬᠠᠭᠰᠠᠷᠭᠠᠨ ᠪᠠ 60 ᠵᠢᠯ ᠳᠤ ᠨᠢᠬᠡ ᠲᠤᠬᠢᠶᠠᠯᠳᠤᠬᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠢ | ᠬᠦᠴᠦᠳᠠᠢ ᠠᠷᠭᠠᠴᠠᠵᠤ᠂ ᠬᠥᠮᠥᠨ ᠦᠬᠦᠵᠦ ᠰᠢᠷᠬᠠᠲᠤᠭᠰᠠᠨ ᠦᠭᠡᠢ᠂ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ 34.7 | ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠵᠦ᠂ 10 ᠲᠦᠮᠡᠨ ᠲᠥᠭᠦᠷᠢᠭ ᠠᠴᠠ ᠳᠣᠷᠣᠭᠰᠢᠬᠢ ᠥᠷᠢ ᠥᠭᠴᠡᠭᠡ ᠶᠢ | ᠪᠦᠬᠦᠨ ᠢ ᠴᠡᠪᠡᠷᠯᠠᠵᠤ᠂ ᠰᠢᠢᠳᠪᠦᠷᠢᠯᠡᠭᠰᠡᠨ ᠬᠡᠮᠵᠢᠶ᠎ᠡ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠲᠦᠪᠰᠢᠨ ᠳᠤ ᠬᠦᠷᠴᠦ᠂ ᠥᠷᠢ ᠥᠭᠴᠡᠭᠡ ᠶᠢᠨ | ᠨᠣᠷᠮ᠎ᠠ ᠶᠢᠨ ᠬᠤᠷᠢᠭ᠎ᠠ ᠱᠤᠭᠤᠮ ᠤᠨ ᠠᠶᠤᠯ ᠲᠦᠭᠰᠢᠭᠦᠷᠢ ᠶᠢᠨ ᠲᠠᠰ ᠠᠴᠠ ᠭᠠᠷᠭᠠᠪᠠ᠃ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ᠂ ᠬᠠᠤᠯᠢ | ᠲᠣᠭᠲᠠᠭᠠᠯ ᠢ ᠵᠥᠷᠢᠴᠡᠨ ᠭᠠᠵᠠᠷ ᠰᠢᠷᠣᠢ ᠬᠡᠷᠡᠭᠯᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠵᠡᠷᠭᠡ ᠨᠢᠬᠡ ᠪᠦᠯᠦᠭ ᠲᠡᠦᠬᠡᠨ ᠦᠯᠡᠳᠡᠭᠳᠡᠯ ᠠᠰᠠᠭᠤᠳᠠᠯ ᠢ | ᠪᠦᠲᠦᠮᠵᠢᠲᠡᠶ ᠪᠠᠷ ᠰᠢᠢᠳᠪᠦᠷᠢᠯᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠮᠡᠲᠦ ᠲᠤᠯᠤᠭᠠᠨ ᠲᠠᠯ᠎ᠠ ᠶᠢᠨ ᠠᠵᠢᠯ ᠢ ᠬᠢᠪᠡ᠄ | ᠨᠢᠭᠡ ᠳᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦ ᠪᠠᠷ ᠲᠦᠯᠬᠢᠨ ᠠᠬᠢᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ | ᠠᠵᠤ ᠠᠬᠤᠢ ᠶᠢ ᠲᠣᠭᠲᠠᠪᠤᠷᠢᠵᠢᠭᠤᠯᠬᠤ ᠲᠦᠷᠤ ᠶᠢᠨ ᠪᠣᠳᠣᠯᠭ᠎ᠠ ᠪᠠ ᠦᠷᠬᠦᠯᠵᠢᠯᠡᠬᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ 8 ᠲᠠᠯ᠎ᠠ ᠶᠢᠨ 42 ᠢᠵᠢ | ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠪᠣᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠤᠨ ᠬᠥᠭᠵᠢᠯᠲᠡ ᠶᠢ ᠳᠡᠮᠵᠢᠬᠦ 25 | ᠵᠤᠷᠪᠤᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ 11 ᠵᠤᠷᠪᠤᠰ ᠲᠦᠷᠤ ᠶᠢᠨ ᠪᠣᠳᠣᠯᠭ᠎ᠠ ᠶᠢ | ᠨᠡᠶᠢᠲᠡᠯᠡᠵᠦ᠂ ᠠᠵᠤ ᠠᠬᠤᠢ ᠶᠢᠨ ᠲᠦᠷᠬᠡᠨ ᠢᠶᠠᠷ ᠰᠠᠶᠢᠵᠢᠷᠠᠬᠤ ᠳᠤ ᠬᠦᠴᠦᠨ ᠨᠡᠮᠡᠷᠢᠯᠡᠪᠡ᠃ ᠠᠵᠤ ᠦᠢᠯᠡᠰ ᠤᠨ ︽ᠬᠡᠯᠬᠢᠶ᠎ᠡ ᠶᠢᠨ ᠳᠠᠷᠤᠭ᠎ᠠ ᠶᠢᠨ ᠳᠦᠷᠢᠮ︾ ᠤᠨ | ᠬᠤᠳᠠᠯᠳᠤᠭᠠᠴᠢᠨ ᠤᠷᠢᠬᠤ ᠪᠠ ᠴᠢᠬᠤᠯᠠ ᠶᠡᠭᠡ ᠲᠦᠷᠦᠯ ᠵᠦᠢᠯ ᠤᠨ ︽ᠴᠡᠭ ᠤᠨ ᠳᠠᠷᠤᠭ᠎ᠠ ᠶᠢᠨ ᠳᠦᠷᠢᠮ︾ ᠢ ᠪᠠᠶᠢᠭᠤᠯᠤᠨ᠂ ︽ᠲᠦᠷᠪᠡᠨ ᠵᠢᠷᠤᠭ︾ ᠤᠨ | ᠲᠤᠬᠢᠷᠠᠭᠤᠯᠤᠯᠳᠠ ᠶᠢᠨ ᠲᠣᠭᠲᠠᠴᠠ ᠶᠢ ᠠᠬᠢᠭᠤᠯᠵᠤ᠂ ᠭᠡᠷ᠎ᠡ ᠲᠤᠭᠳᠠᠨ ᠤᠷᠤᠭᠤᠯᠤᠭᠰᠠᠨ ᠲᠦᠷᠦᠯ ᠵᠦᠢᠯ 44 ᠪᠤᠯᠵᠤ᠂ 88.4 ᠳ᠋ᠦᠩᠰᠢᠭᠤᠷ ᠲᠦᠬᠦᠷᠢᠭ ᠤᠨ | ᠪᠡᠯᠡ ᠮᠦᠩᠭᠦ ᠪᠡᠯᠡᠨ ᠪᠤᠯᠵᠤ᠂ ᠪᠦᠬᠦ ᠬᠤᠳᠠ ᠶᠢᠨ ᠨᠢᠬᠡᠳᠦᠬᠡᠷ ᠲᠤ ᠤᠷᠤᠪᠠ᠃ ᠬᠤᠳᠠ ᠶᠢᠨ ᠱᠠᠲᠤᠨ ᠤ ᠲᠤᠬᠢᠷᠠᠭᠤᠯᠤᠯᠳᠠ ᠬᠢᠭᠰᠡᠨ ᠴᠢᠬᠤᠯᠠ ᠶᠡᠭᠡ ᠲᠦᠷᠦᠯ | ᠵᠦᠢᠯ 76 ᠶᠢ ᠬᠡᠷᠡᠭᠵᠢᠬᠦᠯᠵᠦ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ 4 ᠵᠦᠢᠯ᠂ ᠠᠷᠪᠠᠨ ᠳ᠋ᠦᠩᠰᠢᠭᠤᠷ ᠲᠥᠭᠦᠷᠢᠭ ᠢ ᠳᠠᠪᠠᠭᠰᠠᠨ ᠲᠦᠷᠦᠯ ᠵᠦᠢᠯ | 15 ᠶᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ 152 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠠᠶᠠᠯᠡᠬᠦᠯᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 32.8% ᠨᠡᠮᠡᠭᠳᠡᠪᠡ᠃ ᠰᠢᠨ᠎ᠡ ᠵᠡᠭᠡᠯᠢ ᠲᠤᠶᠢᠭ ᠤᠨ ᠰᠦᠮ᠎ᠡ ᠶᠢᠨ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢ | ᠵᠢᠩᠬᠢᠨᠢ ᠪᠠᠷ ᠵᠥᠪᠰᠢᠶᠡᠷᠡᠨ᠂ 13 ᠨᠡᠭᠦᠷᠡᠰᠦᠨ ᠠᠭᠤᠷᠬᠠᠢ ᠶᠢ ᠬᠠᠪᠰᠤᠷᠤᠨ 1330 ᠲᠦᠮᠡᠨ ᠲᠣᠨ ᠡᠨᠧᠷᠭᠢ ᠶᠢᠨ ᠭᠠᠷᠤᠯᠲᠠ ᠶᠢ ᠨᠡᠮᠡᠭᠳᠡᠭᠦᠯᠵᠦ᠂ 2.2 | ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠨ ᠪᠣᠷᠣᠯᠠᠭᠤᠯᠵᠤ᠂ 18 ᠮᠤᠵᠢ ᠬᠤᠲᠠ ᠵᠢᠴᠢ 7 ᠠᠶᠢᠮᠠᠭ ᠬᠤᠲᠠ ᠶᠢᠨ ᠡᠨᠧᠷᠭᠢ ᠶᠢᠨ ᠬᠠᠩᠭᠠᠯᠭ᠎ᠠ ᠶᠢ ᠪᠠᠳᠤᠯᠠᠪᠠ᠃ | ᠰᠢᠨ᠎ᠡ ᠬᠠᠮ ᠬᠡᠯᠪᠡᠷᠢ ᠶᠢᠨ ᠭᠠᠶᠢᠯᠢ ᠶᠢᠨ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 1.4 ᠲᠦᠮᠡᠨ ᠡᠷᠦᠬᠡ ᠶᠢᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠭᠠᠶᠢᠯᠢ ᠶᠢᠨ ᠰᠦᠢᠳᠬᠡᠯ ᠢ ᠬᠠᠰᠤᠨ ᠬᠡᠯᠲᠦᠷᠢᠭᠦᠯᠵᠦ᠂ 18.5 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠳᠡᠭ ᠤᠨ | ᠭᠠᠶᠢᠯᠢ ᠶᠢ ᠦᠯᠡᠳᠡᠬᠡᠨ ᠠᠪᠴᠤ ᠭᠠᠶᠢᠯᠢ ᠶᠢ ᠪᠤᠴᠠᠭᠠᠬᠤ ᠶᠢ ᠬᠠᠷᠠᠭᠠᠯᠵᠠᠪᠠ᠃ ᠵᠢᠵᠢᠭ ᠪᠢᠴᠢᠯ ᠬᠤᠳᠠᠯᠳᠤᠭᠠᠨ ᠤ ᠡᠷᠦᠬᠡ ᠳᠤ 4300 ᠲᠦᠮᠡᠨ ᠲᠥᠭᠦᠷᠢᠭ ᠤᠨ | ᠨᠥᠬᠦᠪᠦᠷᠢ ᠣᠯᠭᠤᠵᠤ᠂ ᠵᠤᠭᠤᠰ ᠮᠦᠩᠭᠦ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠵᠦ᠂ ᠬᠦᠴᠢᠷᠳᠡᠯ ᠢ ᠨᠢ | ᠰᠢᠢᠳᠪᠦᠷᠢᠯᠡᠪᠡ᠃ ᠵᠠᠬ᠎ᠠ ᠳᠡᠯᠭᠡᠭᠦᠷ ᠤᠨ ᠭᠤᠤᠯ ᠴᠣᠭᠴᠠ ᠪᠤᠯᠬᠤ 4978 ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ︽ᠲᠦᠷᠪᠡᠨ ᠬᠡᠪᠴᠢᠶᠡᠵᠢᠯ ᠠᠴᠠ ᠲᠡᠭᠡᠭᠰᠢᠬᠢ | ᠠᠵᠤ ᠠᠬᠤᠶᠢᠯᠠᠯ︾ ᠢ 25 ᠡᠷᠦᠬᠡ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ | ᠬᠤᠨᠵᠢᠪᠤᠷᠢ ᠶᠢ 25.7% ᠨᠡᠮᠡᠭᠳᠡᠬᠦᠯᠪᠡ᠃ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠯᠢ ᠤᠯᠠᠨ ᠠᠵᠢᠯᠯᠠᠭ᠎ᠠ ᠶᠢ ᠴᠠᠭ | ᠲᠤᠨᠢ ᠲᠣᠬᠢᠷᠠᠭᠤᠯᠤᠨ ᠥᠷᠨᠢᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 51.6 ᠳ᠋ᠦᠩᠰᠢᠭᠤᠷ ᠲᠥᠭᠦᠷᠢᠭ ᠢ | ᠪᠡᠶᠡᠯᠡᠭᠦᠯᠪᠡ᠃ | ᠬᠤᠶᠠᠷ ᠲᠤ ᠬᠠᠷᠠᠯᠲᠠ ᠪᠠᠨ ᠲᠣᠭᠲᠠᠭᠠᠵᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠪᠡ᠃ ᠤᠮᠠᠷᠠᠲᠤ ᠣᠷᠣᠨ ᠤ ᠬᠡᠪᠴᠢᠶ᠎ᠡ | ᠪᠠᠷ ᠬᠠᠮᠤᠭ ᠶᠡᠭᠡ ᠶᠤᠸᠠᠨ ᠵᠢᠩ ᠬᠥᠳᠡᠯᠭᠡᠭᠴᠢ ᠬᠦᠴᠦᠨ ᠤ ᠴᠠᠬᠢᠯᠭᠠᠨ ᠴᠡᠨᠡᠭ ᠤᠨ ᠲᠦᠷᠦᠯ ᠵᠦᠢᠯ ᠵᠢᠩᠬᠢᠨᠢ ᠪᠠᠷ ᠠᠰᠢᠭᠯᠠᠯᠲᠠ ᠳᠤ ᠤᠷᠤᠵᠤ᠂ ᠪᠦᠬᠦ ᠤᠯᠤᠰ ᠤᠨ | ᠬᠠᠮᠤᠭ ᠶᠡᠭᠡ ᠯᠦᠩ ᠵᠢᠢ ᠲᠠᠩ ᠲᠠᠯᠠᠰᠲᠤ ᠶᠢᠨ ᠬᠡᠷᠴᠢᠮ ᠤᠨ ᠦᠢᠯᠡᠳᠪᠦᠷᠢ ᠶᠢᠨ ᠲᠠᠰᠤᠭ ᠤᠨ ᠳᠡᠭᠡᠪᠦᠷ ᠢ ᠠᠮᠵᠢᠯᠲᠠ ᠲᠠᠢ ᠪᠢᠲᠡᠭᠦᠮᠵᠢᠯᠡᠵᠦ᠂ ᠪᠦᠬᠦ ᠣᠷᠣᠨ ᠤ | ᠠᠩᠬᠠᠳᠠᠭᠴᠢ ᠢᠵᠢ ᠭᠦᠸᠧ ᠬᠤᠩ ᠤᠰᠤᠲᠥ᠋ᠷᠥᠭᠴᠢᠲᠤ ᠲᠦᠯᠡᠰᠢᠨ ᠳ᠋ᠢᠶᠠᠨ ᡂᠢ ᠵᠢᠩᠬᠢᠨᠢ ᠪᠠᠷ ᠵᠠᠬ᠎ᠠ ᠲᠡᠯᠬᠡᠬᠦᠷ ᠲᠤ ᠤᠷᠤᠵᠤ᠂ ᠵᠦᠩ ᠴᠧᠩ ᠢᠦᠢ ᠭᠡᠷᠡᠯ | ᠸᠣᠯᠲ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠡᠬᠢᠯᠡᠨ ᠠᠵᠢᠯᠯᠠᠭᠤᠯᠵᠤ᠂ ᠬᠤᠸᠠ ᠵᠢᠩ ᠹᠣᠰᠹᠣᠷ | ᠬᠦᠴᠢᠯ ᠤᠨ ᠲᠡᠮᠦᠷ ᠯᠢᠲ᠋ᠢ ᠶᠢᠨ ᠠᠷᠭ᠎ᠠ ᠲᠤᠶᠢᠯ ᠤᠨ ᠮᠠᠲ᠋ᠧᠷᠢᠶᠠᠯ᠂ ᠱᠠᠩᠬᠠᠢ ᠶᠢᠨ ᠮᠠᠰᠢᠨ ᠲᠡᠷᠬᠡᠨ ᠤ ᠬᠤᠩ ᠶᠠᠨ ᠰᠢᠨ᠎ᠡ ᠡᠨᠧᠷᠭᠢ ᠶᠢᠨ ᠬᠦᠨᠳᠦ ᠠᠴᠢᠶᠠᠨ ᠤ | ᠮᠠᠰᠢᠨ᠂ ᠵᠢᠶᠧ ᠴᠢᠩ ᠲᠦᠯᠡᠰᠢᠨ ᠳ᠋ᠢᠶᠠᠨ ᡂᠢ ᠶᠢᠨ ᠲᠦᠷᠦᠯ ᠵᠦᠢᠯ ᠤᠨ ᠦᠢᠯᠡᠳᠪᠦᠷᠢ ᠶᠢᠨ ᠲᠠᠰᠤᠭ ᠤᠨ ᠪᠠᠷᠢᠯᠭ᠎ᠠ ᠶᠢ ᠲᠠᠭᠤᠰᠬᠠᠵᠤ᠂ ᠠᠵᠤ | ᠦᠢᠯᠡᠳᠪᠦᠷᠢ ᠶᠢᠨ ᠲᠦᠷᠦᠯ ᠵᠦᠢᠯ ᠢ 11 ᠦᠷᠬᠡᠳᠬᠡᠨ ᠨᠡᠮᠡᠭᠳᠡᠬᠦᠯᠪᠡ᠃ ᠱᠧᠩ ᠶᠤᠸᠠᠨ ᠤ 15 ᠲᠦᠮᠡᠨ ᠺᠢᠯᠣᠸᠠᠲ᠂ ᠶᠤᠸᠠᠨ ᠵᠢᠩ ᠤᠨ 20 ᠲᠦᠮᠡᠨ | ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠴᠠᠬᠢᠯᠭᠠᠨ ᠡᠭᠦᠰᠬᠡᠭᠴᠢ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠵᠦ᠂ ᠲᠢᠶᠠᠨ ᠵᠢᠶᠣᠣ | ᠪᠤᠬᠢᠷᠳᠤᠯ ᠦᠬᠡᠢ ᠡᠨᠧᠷᠭᠢ ᠶᠢᠨ ᠠᠮᠢ ᠠᠬᠤᠢ ᠶᠢᠨ ᠵᠠᠰᠠᠯᠲᠠ ᠶᠢᠨ ᠭᠡᠷᠡᠯ ᠸᠤᠯᠲ ᠢᠶᠠᠷ ᠴᠠᠬᠢᠯᠭᠠᠨ ᠭᠠᠷᠭᠠᠬᠤ ᠶᠢ ᠤᠯᠤᠰ ᠤᠨ ᠳᠦᠷᠪᠡᠨ ᠶᠠᠮᠤᠨ ᠵᠥᠪᠯᠡᠯ ᠠᠴᠠ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠢᠶᠠᠷ ᠦᠨᠡᠯᠡᠪᠡ᠃ ᠪᠥᠬᠦ ᠣᠷᠣᠨ ᠤ ᠠᠩᠬᠠᠳᠠᠭᠴᠢ | ᠪᠣᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠶᠯᠡᠳᠬᠦ ᠪᠠ ᠤᠰᠤᠲᠥ᠋ᠷᠥᠭᠴᠢ ᠨᠡᠮᠡᠬᠦ ᠶᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ᠂ 10 ᠤᠰᠤᠲᠥ᠋ᠷᠥᠭᠴᠢ ᠨᠡᠮᠡᠬᠦ ᠥᠷᠲᠡᠭᠡ ᠪᠠᠶᠢᠭᠤᠯᠤᠨ᠂ 6 ᠤᠰᠤᠲᠥ᠋ᠷᠥᠭᠴᠢ ᠡᠨᠧᠷᠭᠢ ᠶᠢᠨ ᠵᠢᠱᠢᠶ᠎ᠡ ᠦᠵᠡᠭᠦᠯᠬᠦ ᠲᠡᠭᠡᠭᠡᠪᠦᠷᠢ ᠶᠢᠨ ᠱᠤᠭᠤᠮ ᠢ | ᠨᠡᠪᠲᠡᠷᠡᠭᠦᠯᠦᠨ᠂ 317 ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠵᠦ᠂ ᠱᠠᠩᠬᠠᠢ ᠶᠢᠨ ᠤᠰᠤᠲᠥ᠋ᠷᠥᠭᠴᠢ ᠲᠦᠯᠡᠰᠢᠨ ᠳ᠋ᠢᠶᠠᠨ | ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠲᠠ ᠶᠢᠨ ᠪᠥᠭᠡᠮᠨᠡᠷᠡᠯ ᠤᠨ ᠣᠨ ᠤ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠪᠡ᠃ ᠳ᠋ᠦᠩ ᠹᠠᠩ ᠮᠠᠨ ᠯᠧ | ᠴᠧᠩ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠨᠵᠡᠬᠡᠶᠢᠷᠡᠬᠦᠯᠬᠦ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠢ ᠡᠬᠢᠯᠡᠨ ᠠᠵᠢᠯᠯᠠᠭᠤᠯᠵᠤ᠂ ︽ᠳ᠋ᠦᠸᠧ ᠳ᠋ᠦᠸᠧ ᠫᠢᠩ · ᠨᠢᠭᠡ ᠲᠠᠪᠴᠠᠩ ᠢᠶᠠᠷ ᠬᠦᠢᠴᠳᠬᠡᠬᠦ︾ ᠰᠦᠯᠵᠢᠶᠡᠨ | ᠲᠠᠪᠴᠠᠩ ᠢ ᠬᠡᠷᠡᠭᠯᠡᠵᠦ᠂ ᠴᠠᠭᠠᠨ ᠨᠠᠭᠤᠷ ᠤᠨ ᠲᠡᠭᠡᠭᠡᠪᠦᠷᠢ ᠶᠢᠨ ᠥᠷᠲᠡᠭᠡ ᠶᠢᠨ ᠲᠡᠮᠦᠷ ᠵᠠᠮ ᠤᠨ ᠲᠤᠰᠬᠠᠢ ᠱᠤᠭᠤᠮ ᠠᠩᠬ᠎ᠠ ᠲᠡᠷᠬᠡ ᠶᠢ ᠨᠡᠪᠳᠡᠷᠡᠵᠦ᠂ ᠡᠵᠡᠨ | ᠬᠤᠷᠤᠭ᠎ᠠ ᠶᠢᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠥᠬᠦ ᠣᠷᠣᠨ ᠤ ᠠᠩᠬᠠᠳᠠᠭᠴᠢ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠡᠳ᠋ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠠᠭᠤᠷᠢᠨ ᠭᠠᠵᠠᠷ ᠢᠶᠠᠷ ᠵᠦᠪᠰᠢᠶᠡᠷᠡᠪᠡ᠃ | ᠭᠤᠷᠪᠠ ᠳᠤ ᠲᠡᠷᠢᠭᠦᠨ ᠢ ᠪᠠᠷᠢᠮᠵᠢᠶᠠᠯᠠᠨ ᠭᠠᠵᠠᠷ ᠣᠷᠣᠨ ᠤ ᠬᠥᠭᠵᠢᠯᠲᠡ ᠶᠢᠨ ᠣᠷᠴᠢᠨ ᠲᠤᠭᠤᠷᠢᠨ ᠢ ᠰᠢᠯᠢᠳᠡᠭᠵᠢᠬᠦᠯᠪᠡ᠃ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠤᠭᠴᠠᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ 1513 ᠲᠦᠷᠦᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯ ᠢ ︽ᠰᠦᠯᠵᠢᠶᠡᠨ ᠳᠡᠭᠡᠷ᠎ᠡ ᠰᠢᠢᠳᠪᠦᠷᠢᠯᠡᠬᠦ︾ ᠶᠢ ᠪᠡᠶᠡᠯᠡᠭᠦᠯᠵᠦ᠂ 152 ᠲᠦᠷᠦᠯ ᠤᠨ ︽ᠨᠢᠭᠡ ᠶᠠᠪᠤᠳᠠᠯ︾ ᠢ ︽ᠨᠢᠭᠡ ᠤᠳᠠᠭ᠎ᠠ ᠳᠤ | ᠰᠢᠢᠳᠪᠦᠷᠢᠯᠡᠬᠦ︾ ᠶᠢ ᠪᠡᠶᠡᠯᠡᠭᠦᠯᠵᠦ᠂ 170 ᠲᠦᠷᠦᠯ ᠤᠨ ᠠᠷᠠᠳ ᠲᠤ ᠳᠦᠭᠦᠮ ᠦᠵᠡᠭᠦᠯᠬᠦ ᠵᠦᠢᠯ ᠢ ︽ᠣᠶᠢᠷ᠎ᠠ ᠬᠠᠪᠢ ᠳᠠᠭᠠᠨ ᠰᠢᠢᠳᠪᠦᠷᠢᠯᠡᠬᠦ︾ ᠶᠢ | ᠪᠡᠶᠡᠯᠡᠭᠦᠯᠵᠦ᠂ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠪᠠ᠃ ᠨᠡᠭᠡᠭᠡᠯᠲᠡ ᠶᠢᠨ ᠤᠷᠤᠨ ᠤ ᠣᠷᠣᠨ | ᠪᠦᠰᠡ ᠶᠢᠨ ᠦᠨᠡᠯᠡᠨ ᠵᠢᠱᠢᠯᠲᠡ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ᠪᠠᠷᠢᠮᠵᠢᠶᠠᠲᠤ | ᠭᠠᠵᠠᠷ + ᠠᠮᠠᠯᠠᠯᠲᠠ ᠶᠢᠨ ᠳᠦᠷᠢᠮ︾ ᠤᠨ ᠥᠭᠡᠷᠡᠴᠢᠯᠡᠯᠲᠡ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠴᠢᠬᠤᠯᠠ ᠶᠡᠭᠡ ᠲᠥᠷᠥᠯ ᠵᠦᠢᠯ ᠤᠨ ᠭᠡᠷ᠎ᠡ | ᠲᠣᠭᠲᠠᠬᠤ ᠠᠴᠠ ᠠᠵᠢᠯ ᠡᠬᠢᠯᠡᠬᠦ ᠴᠠᠭ ᠢ ᠤᠳᠠᠭ᠎ᠠ ᠳᠠᠷᠠᠭᠠᠯᠠᠨ ᠰᠢᠨᠡᠳᠬᠡᠵᠦ᠂ ᠬᠠᠮᠤᠭ ᠤᠨ ᠬᠤᠷᠳᠤᠨ ᠬᠤᠭᠤᠴᠠᠭ᠎ᠠ 28 ᠡᠳᠦᠷ ᠬᠡᠷᠡᠭᠯᠡᠪᠡ᠃ ᠴᠢᠳᠠᠪᠤᠷᠢᠲᠠᠨ ᠤ | ᠲᠣᠮᠣ ᠠᠰᠠᠷ ᠢ ᠪᠠᠶᠢᠭᠤᠯᠤᠨ ᠬᠡᠷᠡᠭᠯᠡᠯᠳᠡ ᠳᠤ ᠤᠷᠤᠭᠤᠯᠵᠤ᠂ ᠴᠢᠳᠠᠪᠤᠷᠢᠲᠠᠨ ᠤ ᠠᠵᠢᠯ ᠤᠨ ᠲᠤᠰᠬᠠᠢ ᠪᠡᠯᠡ ᠮᠥᠩᠭᠦ ᠶᠢ ᠪᠠᠶᠢᠭᠤᠯᠵᠤ᠂ ᠳᠡᠭᠡᠳᠦ ᠲᠡᠰ ᠤᠨ | ᠴᠢᠳᠠᠪᠤᠷᠢᠲᠠᠨ ᠤ ᠰᠢᠨ᠎ᠡ ᠶᠢ ᠡᠭᠦᠳᠬᠦ ᠪᠦᠯᠬᠦᠮ ᠢ 11 ᠣᠷᠣᠭᠤᠯᠤᠨ ᠠᠪᠴᠢᠷᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 31 ᠰᠢᠨ᠎ᠡ ᠪᠠᠷ ᠨᠡᠮᠡᠭᠳᠡᠭᠦᠯᠵᠦ᠂ ︽ᠭᠤᠷᠪᠠ ᠶᠢ ᠲᠡᠭ ᠪᠣᠯᠭᠠᠬᠤ︾ ᠬᠡᠪᠴᠢᠶᠡᠵᠢᠯ ᠠᠴᠠ | ᠲᠡᠬᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ 35 ᠶᠢ ᠪᠡᠶᠡᠯᠡᠭᠦᠯᠪᠡ᠃ ᠦᠪᠡᠷᠳᠡᠬᠡᠨ ᠵᠠᠰᠠᠬᠤ ᠤᠷᠤᠨ ᠤ ︽ᠵᠠᠷᠯᠠᠯ ᠨᠡᠶᠢᠳᠡᠯᠡᠵᠦ ᠬᠤᠰᠢᠭᠤᠷᠠᠨ ᠠᠵᠢᠯᠯᠠᠬᠤ︾ | ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ 3 ᠤᠷᠤᠵᠤ᠂ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠤᠨ ᠬᠦᠨᠳᠦ ᠠᠴᠢᠶᠠᠨ ᠤ ᠮᠠᠰᠢᠨ ᠢ ᠠᠵᠤ | ᠦᠶᠢᠯᠡᠰᠵᠢᠭᠦᠯᠦᠨ ᠲᠦᠬᠡᠮᠡᠯᠵᠢᠯᠡᠬᠦᠯᠦᠨ ᠬᠡᠷᠡᠭᠯᠡᠯᠳᠡ ︽ᠪᠥᠬᠦ ᠤᠯᠤᠰ ᠤᠨ ︿ᠬᠤᠣᠰ ᠨᠡᠭᠦᠷᠡᠰᠦᠲᠥ᠋ᠷᠥᠭᠴᠢ﹀ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠳᠤ ᠰᠣᠩᠭᠤᠭᠳᠠᠨ ᠣᠷᠣᠵᠤ᠂ ︽ᠬᠤᠩ ᠮᠧᠩ ᠠᠭᠤᠷᠬᠠᠢ ᠶᠢᠨ ᠬᠡᠷᠡᠭᠯᠡᠬᠡᠨ ᠤ ᠰᠢᠰᠲ᠋ᠧᠮ︾ ᠤᠨ ᠠᠵᠤ | ᠦᠢᠯᠡᠳᠪᠦᠷᠢ ᠶᠢᠨ ᠬᠠᠷᠢᠯᠴᠠᠨ ᠬᠤᠯᠪᠣᠭᠠᠯᠠᠵᠤ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠤᠯᠤᠰ ᠤᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠵᠥᠪᠰᠢᠶᠡᠷᠡᠭᠳᠡᠪᠡ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 318 ᠲᠥᠷᠥᠯ ᠵᠦᠢᠯ ᠢ ᠡᠬᠢᠯᠡᠬᠦᠯᠵᠦ᠂ 8544 ᠲᠦᠮᠡᠨ ᠲᠥᠭᠦᠷᠢᠭ ᠤᠨ ᠪᠡᠯᠡ ᠮᠥᠩᠭᠦ᠂ 1.2 ᠲᠦᠮᠡᠨ ᠮᠤ᠋᠂ | ᠠᠵᠤ ᠠᠬᠤᠢ ᠶᠢᠨ ᠬᠦᠷᠢᠶᠡᠨ ᠳᠤ ᠣᠷᠣᠰᠢᠵᠤ ᠪᠠᠶᠢᠭ᠎ᠠ ᠨᠢᠬᠡ ᠪᠦᠯᠦᠭ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ᠂ ᠡᠬᠢ ᠪᠠᠶᠠᠯᠢᠭ ᠢ ᠪᠦᠷᠢᠯᠭᠡᠨ ᠰᠦᠢᠳᠬᠡᠵᠦ | ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠳᠥᠷᠪᠡ ᠳᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠢᠰᠲ᠋ᠧᠮ ᠲᠠᠢ ᠵᠠᠰᠠᠵᠤ ᠳᠡᠭᠡᠭᠰᠢᠯᠡᠭᠦᠯᠪᠡ᠃ ᠬᠤᠶᠠᠳᠤᠭᠠᠷ ᠡᠭᠡᠯᠵᠢ ᠶᠢᠨ ᠲᠥᠪ ᠤᠨ | ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠢᠯᠵᠢᠭᠦᠯᠦᠨ ᠰᠢᠢᠳᠪᠦᠷᠢᠯᠡᠭᠦᠯᠦᠭᠰᠡᠨ 44 ᠬᠤᠪᠢ ᠵᠠᠬᠢᠳᠠᠯ | ᠰᠤᠷᠪᠤᠯᠵᠢᠯᠠᠯ ᠤᠨ ᠬᠡᠷᠡᠭ ᠢ ᠪᠦᠬᠦᠨ ᠢ ᠬᠦᠴᠦᠨ ᠦᠭᠡᠢ ᠪᠣᠯᠭᠠᠵᠤ᠂ ᠬᠤᠳᠠ ᠶᠢᠨ ᠱᠠᠲᠤᠨ ᠠᠴᠠ ᠪᠠᠭᠤᠯᠭᠠᠭᠰᠠᠨ 139 ᠵᠦᠢᠯ ᠤᠨ ᠪᠣᠬᠢᠷᠳᠤᠯ ᠢ ᠰᠡᠷᠭᠡᠶᠢᠯᠡᠨ | ᠵᠠᠰᠠᠬᠤ ᠭᠤᠤᠯᠳᠠᠯᠭᠠᠳᠤ ᠡᠭᠦᠷᠭᠡ ᠶᠢ ᠪᠦᠬᠦᠨ ᠢ ᠪᠡᠶᠡᠯᠡᠭᠦᠯᠪᠡ᠃ ᠤᠯᠠᠭᠠᠨᠮᠥᠷᠡᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠰᠥᠯ ᠢ ᠥᠨᠳᠥᠷ | ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠨᠡᠪᠴᠢᠯ ᠨᠠᠭᠤᠷ ᠤᠨ ᠲᠣᠭᠲᠠᠭᠠᠯ ᠠᠴᠠ ᠵᠥᠷᠢᠴᠡᠨ ᠤᠰᠤ ᠲᠠᠳᠠᠵᠤ᠂ ᠨᠡᠭᠦᠷᠡᠰᠦᠨ ᠠᠭᠤᠷᠬᠠᠢ ᠶᠢᠨ ᠨᠦᠬᠡ ᠮᠠᠯᠲᠠᠵᠤ | ᠭᠤᠣᠯ ᠤᠨ ᠵᠠᠮ ᠢ ᠡᠵᠡᠯᠡᠭᠰᠡᠨ ᠵᠡᠷᠭᠡ ᠲᠣᠪᠣᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠣᠭᠲᠣᠯᠣᠭᠠᠰᠤ ᠶᠢᠨ | ᠤᠰᠤᠨ ᠤ ᠴᠢᠨᠠᠷ ᠤᠨ ᠪᠦᠬᠦᠨ ᠢ ᠪᠠᠷᠢᠮᠵᠢᠶ᠎ᠠ ᠳᠤ ᠬᠦᠷᠬᠡᠪᠡ᠃ 14 ᠲᠦᠮᠡᠨ ᠮᠦ ᠶᠢᠨ ᠨᠣᠭᠤᠭᠠᠷᠠᠭᠤᠯᠤᠨ ᠣᠶᠢᠵᠢᠭᠤᠯᠤᠯᠳᠠ᠂ 8.5 ᠲᠦᠮᠡᠨ ᠮᠦ ᠶᠢᠨ ᠬᠥᠷᠥᠰᠥ | ᠰᠢᠷᠣᠢ ᠶᠢᠨ ᠢᠳᠡᠭᠳᠡᠯ ᠢ ᠵᠠᠰᠠᠯᠳᠠ ᠶᠢ ᠬᠡᠷᠡᠭᠵᠢᠬᠦᠯᠵᠦ᠂ 7.3 ᠲᠦᠮᠡᠨ ᠮᠦ ᠶᠢᠨ ᠨᠡᠭᠦᠷᠡᠰᠦ ᠮᠠᠯᠳᠠᠵᠤ ᠴᠦᠮᠦᠷᠡᠭᠰᠡᠨ ᠤᠷᠤᠨ ᠤ ᠬᠠᠭᠠᠯᠪᠤᠷᠢᠯᠠᠬᠤ ᠣᠷᠣᠨ ᠢ ᠵᠠᠰᠠᠨ | ᠰᠡᠷᠭᠦᠭᠡᠵᠦ᠂ ᠡᠵᠡᠨ ᠬᠤᠷᠤᠭ᠎ᠠ ᠪᠠᠯᠭᠠᠰᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠪᠠᠷ ᠦᠨᠡᠯᠡᠭᠳᠡᠪᠡ᠃ ᠳ᠋ᠢᠩ ᠵᠢᠶᠠ ᠴᠢᠦᠢ᠂ | ᠬᠤᠨᠢᠴᠢᠨᠭᠤᠤᠯ ᠵᠡᠷᠭᠡ ᠨᠡᠭᠦᠷᠡᠰᠦᠨ ᠠᠭᠤᠷᠬᠠᠢ ᠳᠤ ᠨᠡᠭᠦᠷᠡᠰᠦᠨ ᠴᠢᠯᠠᠭᠤ ᠪᠠᠷ ᠨᠡᠭᠡᠭᠡᠨ ᠮᠠᠯᠲᠠᠬᠤ᠂ ᠰᠠᠯᠬᠤ ᠳᠠᠪᠬᠤᠷᠭ᠎ᠠ ᠳᠤ ᠡᠭᠡᠳᠡᠩ ᠴᠢᠳᠬᠤᠵᠤ ᠪᠦᠭᠯᠡᠬᠦ | ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠪᠦᠬᠦ ᠬᠤᠳᠠ ᠶᠢᠨ ᠴᠤᠷ ᠤᠨ ᠭᠠᠭᠴᠠ ᠲᠠᠪᠤᠨ ᠲᠦᠷᠦᠯ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ | ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠦᠷᠦᠯ ᠵᠦᠢᠯ ᠢ ᠪᠠᠶᠢᠭᠤᠯᠳ ᠠᠰᠢᠭᠯᠠᠯᠲᠠ ᠳᠤ ᠣᠷᠣᠭᠤᠯᠪᠠ᠃ 46 ᠬᠡᠪᠴᠢᠶᠡᠵᠢᠯ ᠠᠴᠠ ᠲᠡᠭᠡᠭᠰᠢᠬᠢ ᠠᠵᠤ | ᠦᠢᠯᠡᠳᠪᠦᠷᠢ ᠠᠵᠤ ᠠᠬᠤᠶᠢᠯᠠᠯ ᠢ ᠹᠠᠩ ᠵᠧᠦ ᠡᠨᠧᠷᠭᠢ ᠶᠢᠨ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠶᠢᠨ ᠬᠢᠨᠠᠨ ᠬᠡᠮᠵᠢᠬᠦ ᠲᠠᠪᠴᠠᠩ ᠳᠤ ᠣᠷᠣᠭᠤᠯᠵᠤ᠂ | ᠡᠨᠧᠷᠭᠢ ᠶᠢᠨ ᠬᠤᠷᠣᠭᠳᠠᠯ ᠵᠢᠴᠢ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠶᠢ ᠣᠶᠤᠨᠴᠢᠯᠠᠨ ᠵᠠᠳᠠᠯᠬᠤ᠂ ᠬᠥᠳᠡᠯᠦᠩᠭᠦᠢ ᠬᠢᠨᠠᠯᠳᠠ ᠬᠠᠮᠢᠶᠠᠷᠤᠯᠳᠠ ᠶᠢ | ᠪᠡᠶᠡᠯᠡᠭᠦᠯᠵᠦ᠂ ᠵᠢᠯ ᠳᠤ 10.8 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠪᠠ᠃ ᠪᠥᠬᠦ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠤᠬᠢ ᠰᠠᠶᠢᠨ | ᠡᠳᠦᠷ ᠤᠨ ᠲᠤᠭ᠎ᠠ ᠶᠢᠨ ᠬᠠᠷᠢᠴᠠᠯ 92.1% ᠳᠤ ᠬᠥᠷᠪᠡ᠃ | ᠲᠠᠪᠤ ᠳᠤ᠂ ᠬᠤᠳᠠ ᠬᠥᠳᠡᠭᠡ ᠶᠢᠨ ᠠᠭᠤᠰᠤᠯᠴᠠᠨ ᠵᠣᠬᠢᠴᠠᠩᠭᠤᠢ ᠪᠠᠷ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠶᠢ | ᠪᠡᠶᠡᠯᠡᠭᠦᠯᠵᠦ᠂ 114 ᠭᠠᠴᠠᠭ᠎ᠠ ᠲᠣᠰᠬᠤᠨ ᠤ ᠲᠥᠯᠦᠪᠵᠢᠭᠦᠯᠭᠡ ᠶᠢᠨ ᠲᠥᠰᠥᠯ ᠢ ᠪᠦᠬᠦᠨ ᠢ ᠵᠥᠪᠰᠢᠶᠡᠷᠡᠪᠡ᠃ ᠴᠡᠴᠡᠷᠯᠢᠭ ᠤᠨ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠠᠵᠢᠨᠠᠢ ᠴᠡᠴᠡᠷᠯᠢᠭ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠴᠡᠴᠡᠷᠯᠢᠭ ᠪᠠ 16 ᠵᠤᠷᠪᠤᠰ ᠬᠤᠲᠠ ᠶᠢᠨ ᠶᠠᠪᠤᠳᠠᠯ ᠤᠨ | ᠵᠠᠮ ᠢ ᠥᠭᠡᠷᠡᠴᠢᠯᠡᠨ ᠳᠡᠭᠡᠭᠰᠢᠯᠡᠭᠦᠯᠵᠦ᠂ ︽ᠲᠠᠪᠤᠨ ᠰᠠᠷ᠎ᠠ ᠶᠢᠨ ᠴᠡᠴᠡᠭ ᠤᠨ ᠲᠡᠯᠡᠶ︾ ︽ᠤᠳᠪᠠᠯᠠ ᠲᠡᠯᠬᠡᠷᠡᠭᠰᠡᠨ ᠡᠵᠡᠨ ᠬᠤᠷᠤᠭ᠎ᠠ︾ ᠵᠡᠷᠭᠡ ᠰᠦᠯᠵᠢᠶᠡᠨ ᠤ | ᠴᠤᠤᠳᠤ ᠭᠠᠵᠠᠷ ᠢ ᠪᠠᠶᠢᠭᠤᠯᠵᠤ᠂ ︽15 ᠮᠢᠨᠦ᠋ᠲ ᠤᠨ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠠᠶᠢᠭᠤᠯᠪᠡ᠃ ︽ᠪᠠᠭ᠎ᠠ ᠠᠰᠠᠭᠤᠳᠠᠯ᠂ ᠪᠠᠭ᠎ᠠ | ᠬᠡᠨᠡᠳᠡᠯ᠂ ᠶᠡᠭᠡ ᠪᠠᠶᠢᠴᠠᠭᠠᠯᠳᠠ᠂ ᠶᠡᠭᠡ ᠦᠬᠡᠷᠡᠴᠢᠯᠡᠨ ᠵᠠᠰᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠠᠰᠠᠭᠤᠳᠠᠯ ᠢ 1300 | ᠰᠢᠢᠳᠪᠦᠷᠢᠯᠡᠵᠦ᠂ 25 ᠰᠠᠭᠤᠭᠠᠯᠢ ᠲᠣᠭᠤᠷᠢᠭ ᠤᠨ ᠪᠣᠷᠣᠭᠠᠨ ᠤ ᠤᠰᠤ ᠪᠣᠬᠢᠷᠳᠤᠯ ᠤᠰᠤᠨ ᠤ ᠬᠤᠭᠤᠯᠠᠢ ᠶᠢᠨ ᠲᠣᠣᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | 18 ᠬᠠᠭᠤᠴᠢᠨ ᠰᠠᠭᠤᠭᠠᠯᠢ ᠲᠣᠭᠤᠷᠢᠭ ᠤᠨ ᠬᠠᠭᠤᠴᠢᠨ ᠳᠦᠷᠰᠦ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ᠃ ᠪᠥᠬᠦ ᠣᠷᠣᠨ ᠤ ᠠᠩᠬᠠᠳᠠᠭᠴᠢ | ᠬᠠᠮᠲᠤ ᠪᠠᠷ ᠴᠢᠨᠡᠭᠡᠯᠢᠭᠵᠢᠬᠦ ᠰᠠᠭᠤᠷᠢ ᠮᠥᠩᠭᠦ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 4᠂ | ᠣᠨᠴᠠᠯᠢᠭᠲᠤ ᠲᠣᠰᠬᠤᠨ 11 ᠶᠢ ᠡᠭᠦᠳᠦᠨ ᠪᠠᠶᠢᠭᠤᠯᠪᠠ᠃ ᠤᠯᠠᠭᠠᠨ ᠪᠦᠯᠦᠭᠯᠡᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠰᠢᠨ᠎ᠡ ᠶᠢ ᠡᠭᠦᠳᠬᠦ ᠬᠦᠷᠢᠶᠡᠯᠡᠩ᠂ ᠶᠢᠨ ᠹᠧᠩ ᠶᠤᠸᠠᠨ ᠴᠠᠭᠠᠨ ᠦᠳᠦᠳᠦ ᠲᠠᠬᠢᠶ᠎ᠠ᠂ ᠮᠧᠩ ᠲᠠᠢ ᠸᠢᠰᠺᠢ ᠶᠢᠨ ᠵᠢᠵᠢᠭ ᠪᠠᠯᠭᠠᠰᠤ ᠵᠡᠷᠭᠡ ᠨᠢᠬᠡ | ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ᠮᠦᠩᠬᠡᠴᠢ ᠶᠢᠨ ᠠᠯᠠᠰᠢᠨ ᠦᠬᠡᠷ᠂ ᠪᠤᠯᠠᠭ | ᠤᠨ ᠠᠯᠠᠰᠢᠨ ᠬᠤᠨᠢ ᠵᠡᠷᠭᠡ 31 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠦᠬᠦᠨ ᠢᠶᠠᠷ ᠢᠶᠠᠨ 20 ᠲᠦᠮᠡᠨ ᠲᠥᠭᠦᠷᠢᠭ ᠢ ᠳᠠᠪᠠᠪᠠ᠃ ᠠᠵᠤ ᠦᠢᠯᠡᠰ ᠤᠨ | ᠬᠥᠭᠵᠢᠯᠲᠡ ᠶᠢᠨ ᠵᠢᠭᠡᠯᠡᠯᠭᠡ ᠶᠢᠨ ᠰᠠᠭᠤᠷᠢ ᠪᠡᠯᠡ ᠮᠥᠩᠭᠦ ᠶᠢ 1000 ᠲᠦᠮᠡᠨ ᠲᠥᠭᠦᠷᠢᠭ ᠲᠣᠬᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠠᠮ ᠬᠦᠦ ᠲᠠᠢ ᠵᠢᠭᠡᠯᠡᠯᠭᠡ ᠶᠢ 5.6 ᠳ᠋ᠦᠩᠰᠢᠭᠤᠷ ᠲᠥᠭᠦᠷᠢᠭ ᠲᠠᠷᠬᠠᠭᠠᠵᠤ᠂ 1700 ᠭᠠᠷᠤᠢ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ | ᠬᠤᠨᠢᠴᠢᠨᠭᠤᠤᠯ ᠪᠠᠯᠭᠠᠰᠤ ᠪᠠ ᠮᠡᠩᠬᠡ᠂ ᠪᠤᠯᠠᠭ᠂ ᠤᠯᠠᠭᠠᠨᠮᠦ᠋ᠷᠡᠨ ᠵᠡᠷᠭᠡ 3 ᠲᠣᠰᠬᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠪᠠᠯᠭᠠᠰᠤ᠂ ᠭᠠᠴᠠᠭ᠎ᠠ ᠲᠤᠰᠬᠤᠨ ᠢ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠷᠰᠢᠯᠭ᠎ᠠ ︽ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠭᠦᠴᠦᠳ ᠤᠨ ᠶᠠᠷᠢᠶᠠᠨ ᠤ ᠲᠠᠪᠴᠠᠩ︾ ᠤᠨ ᠦᠢᠯᠡᠳᠦᠯᠭᠡ ᠶᠢᠨ | ᠵᠢᠱᠢᠶ᠎ᠡ ᠪᠠᠷ ᠰᠣᠩᠭᠤᠭᠳᠠᠪᠠ᠃ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 4. | 7% ᠪᠠ 6.6% ᠨᠡᠮᠡᠭᠳᠡᠵᠦ᠂ ᠵᠠᠯᠭᠠᠭ᠎ᠠ ᠪᠠᠷ ︽ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠬᠤᠲᠠ︾ ᠪᠣᠯᠪᠠ᠃ | ᠵᠢᠷᠭᠤᠭ᠎ᠠ ᠳᠤ᠂ ᠠᠷᠠᠳ ᠲᠦᠮᠡᠨ ᠤ ᠠᠮᠢᠳᠤᠷᠠᠯ ᠤᠨ ᠬᠡᠪ ᠴᠢᠨᠠᠷ ᠢ ᠦᠨᠡᠨ ᠰᠡᠳᠬᠢᠯ ᠠᠴᠠ ᠪᠠᠨ ᠳᠡᠭᠡᠭᠰᠢᠯᠡᠭᠦᠯᠪᠡ᠃ ᠪᠡᠯᠡ ᠮᠦᠩᠭᠦ ᠶᠢ ᠲᠦᠯᠦᠪᠵᠢᠬᠦᠯᠦᠨ | ᠬᠦᠴᠦ ᠪᠠᠨ ᠲᠦᠪᠯᠡᠷᠡᠬᠦᠯᠵᠤ᠂ ᠲᠤᠮᠤ ᠶᠠᠪᠤᠳᠠᠯ ᠢ ᠡᠷᠬᠢᠯᠡᠨ ᠠᠷᠠᠳ ᠤᠨ ᠠᠮᠢᠳᠤᠷᠠᠯ ᠢ ᠪᠠᠳᠤᠯᠠᠵᠤ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠤᠨ ᠭᠡᠷᠡᠯᠲᠦᠭᠦᠯᠭᠡ ᠶᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ 10 ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠪᠡ᠃ ᠬᠦᠰᠡᠯ ᠡᠨᠧᠷᠭᠢ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠤᠭᠳᠠᠨ ᠰᠣᠷᠣᠭᠴᠢ | ᠡᠯᠰᠡᠵᠦ᠂ 2 ᠬᠡᠦᠬᠡᠳ ᠤᠨ ᠴᠡᠴᠡᠷᠯᠢᠭ ᠪᠠ 4 ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠠᠰᠢᠭᠯᠠᠯᠲᠠ ᠳᠤ ᠣᠷᠣᠭᠤᠯᠵᠤ᠂ ︽ᠬᠤᠣᠰ ᠲᠡᠷᠢᠭᠦᠨ ᠲᠠᠰ | ︾ ᠤᠨ ᠳᠡᠭᠡᠳᠦ ᠰᠤᠷᠭᠠᠭᠤᠯᠢ ᠶᠢᠨ ᠤᠶᠤᠳᠠᠨ ᠪᠠ ᠨᠠᠷᠠᠲᠤ ᠰᠢᠯᠢᠳᠡᠭ ᠪᠠᠭᠰᠢ ᠶᠢ 123 ᠣᠷᠣᠭᠤᠯᠤᠨ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ | ᠠᠩᠭᠢ ᠳᠤ ᠣᠷᠣᠭᠰᠠᠨ ᠨᠣᠷᠮ᠎ᠠ 96.3% ᠳᠤ ᠬᠦᠷᠴᠦ᠂ ᠵᠢᠩᠬᠢᠨᠢ ᠠᠩᠭᠢ ᠶᠢᠨ ᠨᠢᠬᠡᠳᠦᠬᠡᠷ ᠱᠤᠭᠤᠮ ᠳᠤ ᠣᠷᠣᠭᠰᠠᠨ ᠨᠣᠷᠮ᠎ᠠ 46.6% ᠳᠤ ᠬᠦᠷᠴᠦ᠂ | ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠬᠦᠳᠦᠪᠡ᠃ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠭᠠᠵᠠᠷ᠂ ᠮᠣᠩᠭᠤᠯ ᠡᠮᠨᠡᠯᠭᠡ ᠶᠢᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ︽ᠢᠯᠡᠷᠡᠬᠡᠳᠦᠢ ᠡᠪᠡᠳᠴᠢᠨ ᠢ ᠵᠠᠰᠠᠬᠤ︾ ᠲᠥᠪ ᠢ ᠠᠰᠢᠭᠯᠠᠯᠲᠠ ᠳᠤ ᠣᠷᠣᠭᠤᠯᠵᠤ᠂ ᠰᠦ᠋ᠪᠦᠷᠭᠠ᠂ ᠪᠦᠯᠢᠶᠡᠨ ᠤ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ 7 ᠨᠡᠷ᠎ᠡ ᠨᠡᠷᠡᠳᠦ ᠡᠮᠴᠢ ᠲᠤᠰᠬᠠᠢ ᠮᠡᠷᠭᠡᠵᠢᠯᠲᠡᠨ ᠢ ᠣᠷᠣᠭᠤᠯᠤᠨ᠂ 243 | ᠨᠡᠷ᠎ᠡ ᠲᠤᠰᠬᠠᠢ ᠮᠡᠷᠭᠡᠵᠢᠯ ᠤᠨ ᠠᠵᠢᠯᠲᠠᠨ ᠢ ᠤᠷᠢᠨ ᠬᠡᠷᠡᠭᠯᠡᠪᠡ᠃ ᠠᠵᠢᠯᠴᠢᠨ ᠤ ᠰᠣᠶᠣᠯ ᠤᠨ ᠣᠷᠳᠣᠨ ᠢ ᠠᠰᠢᠭᠯᠠᠯᠲᠠ ᠳᠤ ᠣᠷᠣᠭᠤᠯᠵᠤ᠂ 7 ᠪᠠᠯᠭᠠᠰᠤᠨ ᠳᠤ | ᠨᠠᠰᠤᠳᠠᠶᠢᠴᠤᠳ ᠤᠨ ᠦᠢᠯᠡᠴᠢᠯᠡᠭᠡᠨ ᠤ ᠲᠥᠪ ᠢ 15 ᠪᠠᠶᠢᠭᠤᠯᠵᠤ᠂ ᠠᠯᠳᠠᠨᠰᠢᠷᠡᠭᠡ ᠪᠠᠯᠭᠠᠰᠤᠨ ᠤ ︽ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ | ᠶᠠᠪᠤᠳᠠᠯ︾ ᠤᠯᠤᠰ ᠤᠨ ᠭᠤᠷᠪᠠᠳᠤᠭᠠᠷ ᠪᠦᠯᠦᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠷᠢᠮᠵᠢᠶᠠᠵᠢᠭᠰᠠᠨ ᠲᠤᠷᠰᠢᠯᠳᠠ ᠶᠢᠨ ᠰᠢᠯᠢᠳᠡᠭ ᠲᠦᠷᠦᠯ | ᠵᠦᠢᠯ ᠢᠶᠠᠷ ᠦᠨᠡᠯᠡᠭᠳᠡᠨ ᠰᠣᠩᠭᠤᠭᠳᠠᠪᠠ᠃ ︽ᠤᠷᠢᠬᠠᠨ ᠬᠠᠪᠤᠷ ᠤᠨ ᠠᠵᠢᠯᠯᠠᠭ᠎ᠠ︾ ᠵᠡᠷᠭᠡ ᠠᠵᠢᠯ ᠣᠯᠭᠤᠯᠲᠠ ᠶᠢ ᠠᠬᠢᠭᠤᠯᠬᠤ ᠰᠢᠷᠢᠰ ᠠᠵᠢᠯᠯᠠᠭ᠎ᠠ ᠶᠢ | ᠥᠷᠨᠢᠭᠦᠯᠵᠦ᠂ ᠠᠵᠤ ᠠᠬᠤᠶᠢᠯᠠᠯ ᠳᠤ 4000 ᠭᠠᠷᠤᠢ ᠲᠤᠰᠬᠠᠢ ᠮᠡᠷᠭᠡᠵᠢᠯ ᠤᠨ ᠠᠵᠢᠯᠲᠠᠨ ᠤᠷᠢᠨ ᠬᠡᠷᠡᠭᠯᠡᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠤᠷᠮ᠎ᠠ ᠶᠢ 3.8% ᠶᠢᠨ ᠳᠣᠲᠣᠷ᠎ᠠ ᠬᠢᠵᠠᠭᠠᠷᠯᠠᠪᠠ᠃ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠦᠷᠢᠯᠡᠭᠦᠯᠦᠭᠰᠡᠨ | ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠪᠦᠬᠦᠨ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠴᠠᠭ ᠲᠤᠬᠠᠢ ᠳᠤᠨᠢ | ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠭᠰᠡᠨ ᠨᠣᠷᠮ᠎ᠠ ᠶᠢ ᠴᠥᠮ 100% ᠳᠤ ᠬᠦᠷᠪᠡ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠵᠡᠩᠨᠡᠯᠲᠡ ᠶᠢᠨ ᠴᠢᠨᠠᠷᠲᠠᠢ | ᠦᠪᠡᠷᠳᠡᠬᠡᠨ ᠪᠠᠷᠢᠭᠰᠠᠨ ᠪᠠᠶᠢᠰᠢᠩ᠂ ᠬᠤᠲᠠ ᠪᠠᠯᠭᠠᠰᠤᠨ ᠤ ᠰᠢᠲᠠᠮᠠᠬᠠᠢ ᠬᠡᠢ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠪᠦᠬᠦ ᠵᠢᠯ ᠳᠤ ᠠᠮᠢᠨ ᠬᠡᠷᠡᠭ ︽ᠨᠢᠭᠡ ᠴᠦ ᠭᠠᠷᠤᠭᠰᠠᠨ ᠦᠭᠡᠢ︾᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠪᠠᠳᠤᠯᠠᠪᠠ᠃ | ᠲᠤᠯᠤᠭ᠎ᠠ ᠳᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠦᠵᠡᠬᠦᠯᠵᠦ ᠵᠠᠰᠠᠭ ᠤᠨ ᠣᠷᠳᠣᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠪᠡ᠃ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠵᠦ᠂ | ᠲᠥᠪ ᠤᠨ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠭᠠᠷᠳᠠᠨ ᠪᠠᠶᠢᠴᠠᠭᠠᠯᠲᠠ ᠵᠡᠷᠭᠡ ᠬᠠᠷᠢᠭᠤ ᠲᠤᠰᠬᠠᠯᠳᠠ | ᠶᠢᠨ ᠠᠰᠠᠭᠤᠳᠠᠯ ᠢ ᠴᠡᠭᠴᠡᠯᠡᠨ ᠦᠬᠡᠷᠡᠴᠢᠯᠡᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠬᠡᠬᠡᠯᠳᠡ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠤᠨ ᠲᠤᠰᠬᠠᠢ ᠲᠦᠷᠦᠯ ᠤᠨ ᠴᠡᠭᠴᠡᠯᠡᠨ | ᠦᠬᠡᠷᠡᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠪᠡ᠃ ᠴᠢᠬᠤᠯᠠ ᠶᠡᠭᠡ ᠤᠴᠢᠷ ᠶᠠᠪᠤᠳᠠᠯ ᠢ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 54 ᠬᠤᠪᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 87 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ | ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠲᠠᠭᠤᠰᠬᠠᠪᠠ᠃ ᠰᠢᠨ᠎ᠡ ᠨᠢᠭᠡ ᠡᠭᠡᠯᠵᠢ ᠶᠢᠨ ᠬᠤᠰᠢᠭᠤ᠂ ᠪᠠᠯᠭᠠᠰᠤ᠂ ᠬᠦᠷᠢᠶᠡᠯᠡᠩ ᠲᠣᠭᠤᠷᠢᠭ ᠤᠨ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠬᠦᠯᠪᠡ᠃ ᠡᠯ᠎ᠡ ᠱᠠᠳᠤᠨ ᠤ ᠪᠡᠯᠡ ᠮᠦᠩᠭᠦ ᠶᠢ57.6 ᠳ᠋ᠦᠩᠰᠢᠭᠤᠷ ᠲᠦᠬᠦᠷᠢᠭ ᠢ ᠴᠢᠷᠮᠠᠶᠢᠨ ᠤᠯᠵᠤ᠂ | ᠦᠩᠭᠡᠷᠡᠭᠰᠡᠨ ᠵᠢᠯ ᠠᠴᠠ ᠴᠦᠮ ᠦᠨᠳᠦᠷ ᠪᠤᠯᠪᠠ᠃ ᠬᠢᠨᠠᠨ ᠪᠤᠳᠤᠯᠳᠠ ᠶᠢᠨ ᠬᠢᠨᠠᠯᠲᠠ ᠲᠠᠯᠪᠢᠵᠤ ᠠᠷᠪᠢᠯᠠᠭᠰᠠᠨ ᠪᠡᠯᠡ ᠮᠦᠩᠭᠦ 1.1 ᠳ᠋ᠦᠩᠰᠢᠭᠤᠷ ᠲᠥᠭᠦᠷᠢᠭ᠂ | 1.9 ᠳ᠋ᠦᠩᠰᠢᠭᠤᠷ ᠲᠥᠭᠦᠷᠢᠭ ᠤᠨ ᠦᠯᠡᠳᠡᠭᠡᠯ ᠪᠡᠯᠡ ᠮᠥᠩᠭᠦ ᠶᠢ ᠴᠢᠯᠦᠬᠡᠳᠠᠢ ᠪᠣᠯᠭᠠᠪᠠ᠃ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ | ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠭᠤᠤᠯᠳᠠᠯᠭᠠᠳᠤ ᠠᠵᠢᠯ ᠤᠨ ︽ᠬᠤᠣᠰ ᠭᠠᠷᠠᠭ︾ ᠤᠨ ᠲᠣᠬᠢᠷᠠᠭᠤᠯᠤᠯᠲᠠ ᠪᠠ ︽ᠳ᠋ᠧᠩ ᠨᠤᠴᠤᠭᠠᠬᠤ︾ ᠠᠵᠢᠯ ᠤᠨ | ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠦᠷ᠎ᠡ ᠪᠦᠲᠦᠮᠵᠢ ᠶᠢ ᠢᠯᠡᠳᠳᠡ ᠳᠡᠭᠡᠭᠰᠢᠯᠡᠭᠦᠯᠪᠡ᠃ | ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠡᠮᠡᠭᠲᠡᠶᠢᠴᠦᠳ | ᠬᠡᠦᠬᠡᠳ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ | ᠴᠠᠭ ᠠᠭᠤᠷ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠵᠡᠮᠳᠡᠭᠴᠦᠳ ᠤᠨ ᠬᠤᠯᠪᠤᠭᠠᠳᠤ | ᠬᠤᠷᠠᠯ᠂ ᠤᠯᠠᠭᠠᠨ ᠵᠠᠭᠠᠯᠮᠠᠶᠢᠳᠠᠨ ᠵᠡᠷᠭᠡ ᠡᠯ᠎ᠡ ᠲᠦᠷᠦᠯ ᠤᠨ ᠠᠵᠢᠯ ᠴᠥᠮ ᠰᠢᠨ᠎ᠡ ᠦᠷ᠎ᠡ ᠪᠦᠲᠦᠮᠵᠢ ᠣᠯᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠪᠢᠳᠠ ᠪᠤᠭᠤᠮᠳᠠ ᠰᠢᠪᠳᠤᠯᠤᠨ ᠤᠷᠤᠭᠰᠢᠯᠠᠵᠤ᠂ ᠶᠡᠷᠦ ᠪᠤᠰᠤ ᠶᠢᠨ ᠵᠢᠳᠬᠦᠯ ᠴᠢᠷᠮᠠᠶᠢᠯᠭ᠎ᠠ | ᠭᠠᠷᠭᠠᠵᠤ᠂ ᠵᠢᠱᠢᠯᠲᠡ ᠠᠴᠠ ᠳᠠᠪᠠᠭᠰᠠᠨ ᠦᠷ᠎ᠡ ᠪᠦᠲᠦᠮᠵᠢ ᠣᠯᠵᠤ᠂ ᠤᠯᠠᠨ ᠲᠦᠷᠦᠯ ᠤᠨ ᠠᠵᠢᠯ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ | ᠡᠲᠡᠭᠡᠷ ᠠᠮᠵᠢᠯᠲᠠ ᠶᠢ ᠣᠯᠣᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ | ᠳᠡᠮᠵᠢᠯᠭᠡ ᠶᠢᠨ ᠦᠷ᠎ᠡ ᠳ᠋ᠦᠩ ᠮᠥᠨ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠪᠠ ᠡᠯ᠎ᠡ ᠦᠨᠳᠦᠰᠦᠲᠡᠨ ᠤ ᠣᠯᠠᠨ ᠲᠦᠮᠡᠨ ᠬᠦᠴᠦ ᠪᠠᠨ | ᠬᠠᠮᠲᠤᠳᠬᠠᠨ ᠪᠤᠭᠤᠮᠳᠠ ᠰᠢᠪᠳᠤᠯᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠡᠵᠡᠨ ᠬᠤᠷᠤᠭ᠎ᠠ ᠶᠢᠨ ᠬᠤᠪᠢᠷᠠᠯᠲᠠ ᠪᠤᠯᠭᠠᠨ᠂ ᠰᠢᠯᠭᠠᠯᠲᠠ ᠪᠤᠯᠭᠠᠨ᠂ | ᠣᠯᠣᠭᠰᠠᠨ ᠠᠮᠵᠢᠯᠲᠠ ᠪᠤᠯᠭᠠᠨ ᠳᠤ ᠴᠥᠮ ᠪᠦᠭᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠤᠶᠤᠨ ᠤᠬᠠᠭᠠᠨ ᠬᠦᠴᠦ ᠬᠥᠯᠥᠰᠦ ᠰᠢᠩᠭᠡᠵᠦ | ᠪᠠᠶᠢᠨ᠎ᠠ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠡᠵᠡᠨ ᠬᠤᠷᠤᠭ᠎ᠠ ᠶᠢᠨ ᠥᠭᠡᠷᠡᠴᠢᠯᠡᠯᠲᠡ ᠬᠥᠭᠵᠢᠯᠲᠡ ᠳᠤ ᠬᠦᠴᠦ | ᠬᠥᠯᠥᠰᠦ ᠪᠠᠨ ᠡᠷᠭᠦᠵᠦ᠂ ᠬᠦᠴᠦᠨ ᠴᠢᠳᠠᠯ ᠢᠶᠠᠨ ᠡᠷᠭᠦᠭᠰᠡᠨ ᠥᠷᠭᠡᠨ ᠤᠯᠠᠨ ᠺᠠᠳ᠋ᠷ ᠤᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠡ ᠬᠥᠭᠵᠢᠯᠲᠡ ᠶᠢᠨ ᠦᠷ᠎ᠡ ᠪᠦᠳᠦᠮᠵᠢ ᠪᠠᠨ ᠨᠤᠲᠠᠯᠠᠬᠤ ᠮᠥᠷᠲᠡᠭᠡᠨ ᠲᠤᠯᠭᠠᠷᠠᠵᠤ ᠪᠠᠶᠢᠭ᠎ᠠ ᠠᠰᠠᠭᠤᠳᠠᠯ ᠢ ᠨᠡᠩ ᠴᠤ ᠣᠯᠵᠤ ᠬᠠᠷᠠᠬᠤ ᠬᠡᠷᠡᠭᠲᠡᠢ᠃ | ᠠᠵᠤ ᠦᠢᠯᠡᠰ ᠤᠨ ᠪᠦᠳᠦᠴᠡ ᠶᠢᠨ ᠲᠤᠬᠢᠷᠠᠭᠤᠯᠭ᠎ᠠ ᠶᠢᠨ ᠡᠬᠦᠷᠬᠡ ᠬᠦᠨᠳᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠰᠢᠨ᠎ᠡ ᠠᠵᠤ ᠠᠬᠤᠢ ᠶᠢᠨ | ᠨᠡᠮᠡᠭᠳᠡᠯ ᠤᠨ ᠲᠦᠢᠯ ᠪᠣᠯᠵᠤ ᠪᠦᠷᠢᠯᠳᠦᠭᠡᠳᠦᠢ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ | ᠬᠤᠪᠢ ᠶᠢᠨ ᠵᠢᠩ ᠵᠦᠪᠬᠡᠨ 2.3% ᠪᠠᠶᠢᠨ᠎ᠠ︔ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠢᠳᠡᠪᠬᠢᠵᠢᠯ ᠥᠨᠳᠥᠷ ᠪᠢᠰᠢ᠂ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠳᠤ ᠣᠷᠤᠯᠴᠠᠬᠤ ᠲᠠᠪᠴᠠᠩ ᠪᠠᠰᠠ ᠲᠡᠭᠦᠯᠳᠡᠷᠵᠢᠭᠡᠳᠦᠢ ᠪᠠᠶᠢᠭᠰᠠᠭᠠᠷ︔ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠨᠠᠷᠢᠯᠢᠭ | ᠤᠨᠤᠪᠴᠢᠳᠠᠢ ᠪᠢᠰᠢ᠂ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷ᠎ᠡ ᠪᠦᠲᠦᠮᠵᠢ ᠢᠯᠡᠷᠬᠡᠢ ᠪᠤᠰᠤ ᠪᠠᠶᠢᠵᠤ᠂ ᠬᠠᠤᠯᠢ ᠬᠡᠷᠡᠭᠵᠢᠬᠦᠯᠬᠦ | ᠭᠤᠥᠯᠴᠢ ᠪᠤᠰᠤ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠵᠡᠷᠭᠡ ᠦᠵᠡᠭᠳᠡᠯ ᠮᠥᠨ ᠬᠦ ᠣᠷᠣᠰᠢᠵᠤ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠰᠠᠭᠤᠷᠢ ᠨᠡᠯᠢᠶᠡᠳ ᠪᠠᠭᠤᠷᠠᠢ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠴᠢᠬᠤᠯᠠᠴᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠬᠥᠩᠭᠡᠪᠴᠢᠯᠡᠬᠦ ᠦᠵᠡᠭᠳᠡᠯ ᠨᠡᠯᠢᠶᠡᠳ ᠲᠦᠭᠡᠮᠡᠯ ᠣᠷᠣᠰᠢᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ | ᠵᠥᠷᠢᠴᠡᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ︔ ᠬᠤᠳᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ | ᠮᠥᠨ ᠲᠣᠪᠣᠶᠢᠮ᠎ᠠ ᠣᠷᠣᠰᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ | ᠪᠠᠰᠠ ᠲᠤᠳᠠᠭᠳᠠᠯ ᠣᠷᠣᠰᠢᠵᠤ ᠪᠠᠶᠢᠨ᠎ᠠ︔ ᠵᠠᠷᠢᠮ ᠺᠠᠳ᠋ᠷ ᠤᠨ ᠬᠠᠷᠢᠭᠤᠴᠠᠯᠭᠠᠳᠤ ᠤᠬᠠᠮᠰᠠᠷ᠂ ᠦᠢᠯᠡᠴᠢᠯᠡᠬᠡᠨ ᠤ ᠤᠬᠠᠮᠰᠠᠷ ᠴᠢᠩᠭ᠎ᠠ ᠪᠢᠰᠢ᠂ ᠠᠵᠢᠯ ᠤᠨ | ᠴᠢᠳᠠᠪᠤᠷᠢ ᠪᠠᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠨᠢ ᠬᠥᠭᠵᠢᠯᠲᠡ ᠶᠢᠨ ᠠᠶᠢᠵᠠᠮ ᠢ ᠳᠠᠭᠠᠵᠤ ᠠᠮᠵᠢᠬᠤ ᠦᠭᠡᠢ ᠪᠠᠶᠢᠨ᠎ᠠ᠃ | ᠲᠥᠯᠥᠭᠡᠯᠡᠭᠴᠢᠳ ᠠ᠋︕ ᠡᠳᠡᠭᠡᠷ ᠠᠰᠠᠭᠤᠳᠠᠯ ᠳᠤ ᠬᠠᠨᠳᠤᠵᠤ᠂ ᠪᠢᠳᠡ ᠰᠢᠯᠭᠠᠯᠲᠠ ᠳᠤ ᠣᠷᠤᠯᠴᠠᠬᠤ ᠶᠢᠨ ᠰᠡᠷᠭᠡᠭ ᠪᠠᠶᠢᠳᠠᠯ ᠢᠶᠠᠨ ᠴᠠᠭ ᠢᠮᠠᠭᠲᠠ | ᠪᠠᠲᠤᠯᠠᠵᠤ᠂ ᠨᠢᠭᠤᠵᠤ ᠲᠠᠯᠳᠠᠯᠠᠬᠤ ᠦᠬᠡᠢ᠂ ᠵᠠᠶᠢᠯᠠᠰᠬᠢᠬᠤ ᠦᠬᠡᠢ᠂ ᠲᠦᠯᠬᠢᠯᠴᠡᠬᠦ ᠦᠬᠡᠢ ᠪᠠᠷ ᠴᠢᠨᠠᠷ ᠰᠠᠶᠢᠳᠠᠢ ᠬᠦᠭᠵᠢᠯᠳᠡ ᠶᠢᠨ ᠤᠨᠤᠯᠵᠢᠬᠤᠨ ᠢ ᠪᠠᠳᠤ ᠪᠤᠢ | ᠪᠤᠯᠭᠠᠵᠤ᠂ ᠬᠥᠭᠵᠢᠯᠲᠡ ᠶᠢᠨ ᠠᠷᠭ᠎ᠠ ᠪᠠᠷ ᠬᠥᠭᠵᠢᠯᠲᠡ ᠶᠢᠨ ᠶᠠᠪᠤᠴᠠ ᠳᠠᠬᠢ ᠬᠦᠴᠢᠷ ᠪᠡᠷᠬᠡᠰᠢᠶᠡᠯ ᠪᠠ ᠠᠰᠠᠭᠤᠳᠠᠯ ᠤᠳ ᠢ ᠰᠢᠢᠳᠪᠦᠷᠢᠯᠡᠵᠦ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠢᠭᠡ ᠨᠢᠭᠡ ᠪᠠᠷ ᠪᠣᠳᠠᠲᠤ ᠶᠠᠪᠤᠳᠠᠯ ᠪᠣᠯᠭᠠᠨ ᠬᠤᠪᠢᠷᠠᠭᠤᠯᠵᠤ᠂ ᠪᠦᠭᠦ ᠬᠤᠰᠢᠭᠤᠨ ᠤ ᠠᠷᠠᠳ | ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ | ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠲᠡᠭᠡᠷᠡᠬᠢ ᠶᠢ ᠵᠠᠯᠭᠠᠮᠵᠢᠯᠠᠨ ᠲᠤᠷᠤᠭᠰᠢ ᠤᠯᠠᠮᠵᠢᠯᠠᠬᠤ ᠵᠠᠩᠭᠢᠯᠠᠭ᠎ᠠ ᠶᠢᠨ | ᠨᠢᠭᠡ ᠵᠢᠯ ᠮᠥᠨ᠂ ᠪᠦᠬᠦ ᠵᠢᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠦᠯᠦᠪᠵᠢᠬᠦᠯᠵᠦ᠂ ᠬᠥᠭᠵᠢᠯᠲᠡ ᠪᠠ ᠠᠮᠤᠷ ᠲᠦᠪᠰᠢᠨ ᠢ | ᠨᠡᠩ ᠰᠠᠶᠢᠲᠤᠷ ᠨᠢᠭᠡᠳᠦᠯᠲᠡᠢ ᠲᠦᠯᠦᠪᠵᠢᠬᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ | ᠶᠡᠬᠡᠪᠡᠷ ᠬᠥᠪᠴᠢᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ | ᠠᠵᠢᠯ ᠢ ᠲᠣᠪᠣᠶᠢᠮ᠎ᠠ ᠰᠠᠶᠢᠲᠤᠷ ᠬᠢᠵᠦ᠂ ᠲᠣᠭᠲᠠᠭᠤᠨ ᠤ ᠲᠤᠮᠳᠠ ᠳᠤ ᠤᠷᠤᠭᠰᠢᠯᠠᠬᠤ ᠰᠠᠭᠤᠷᠢᠨ ᠳᠡᠭᠡᠷ᠎ᠡ ᠲᠣᠭᠲᠠᠭᠤᠨ ᠤ ᠲᠤᠮᠳᠠ ᠲᠦᠷᠭᠡᠨ ᠤᠷᠤᠭᠰᠢᠯᠠᠬᠤ᠂ | ᠲᠣᠭᠲᠠᠭᠤᠨ ᠤ ᠲᠤᠮᠳᠠ ᠰᠢᠯᠢᠳᠡᠭᠴᠢᠯᠡᠨ ᠤᠷᠤᠭᠰᠢᠯᠠᠵᠤ᠂ ︽ᠲᠠᠪᠤᠨ ᠶᠡᠭᠡ ᠡᠭᠦᠷᠭᠡ︾ ᠪᠠ ︽ᠭᠤᠷᠪᠠᠨ ᠳᠥᠷᠪᠡ︾ ᠶᠢᠨ ᠬᠠᠷᠠᠯᠲᠠᠲᠤ ᠡᠭᠦᠷᠭᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠠᠬᠢᠭᠤᠯᠤᠨ᠂ ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 9% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3% ᠣᠷᠴᠢᠮ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠶ ᠲᠤᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠬᠡᠳ ᠠᠵᠤ ᠠᠬᠤᠶ ᠶᠢᠨ ᠨᠡᠮᠡᠭᠳᠡᠯ ᠦᠨᠳᠦᠰᠦᠨ ᠳᠡᠭᠡᠨ ᠠᠳᠠᠯᠢ ᠪᠠᠶᠢᠯᠭᠠᠨ᠎ᠠ᠃ ᠡᠲᠡᠭᠡᠷ ᠬᠠᠷᠠᠯᠲᠠ ᠶᠢ | ᠲᠣᠭᠲᠠᠭᠠᠬᠤ ᠳᠤ᠂ ᠣᠳᠣᠬᠠᠨ ᠤ ᠠᠵᠤ ᠠᠬᠤᠶ ᠶᠢᠨ ᠪᠠᠶᠢᠳᠠᠯ᠂ ᠲᠣᠰ ᠪᠡᠶ᠎ᠡ ᠶᠢᠨ ᠬᠥᠭᠵᠢᠯᠲᠡ ᠶᠢᠨ ᠳᠠᠪᠠᠭᠤᠯᠢᠭ ᠪᠠ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ | ᠬᠡᠷᠡᠭᠴᠡᠭᠡ ᠶᠢ ᠶᠡᠷᠦᠩᠬᠡᠶᠢᠯᠡᠨ ᠪᠤᠳᠤᠯᠬᠢᠯᠠᠨ᠎ᠠ᠃ ᠡᠨᠡ ᠵᠢᠯ ᠤᠨ ᠬᠥᠭᠵᠢᠯᠲᠡ ᠶᠢᠨ ᠣᠷᠴᠢᠨ ᠨᠥᠬᠦᠴᠡᠯ ᠪᠠᠰᠠ ᠮᠠᠰᠢ ᠶᠡᠭᠡ ᠲᠤᠭᠳᠠᠪᠦᠷᠢ ᠦᠭᠡᠢ ᠴᠢᠨᠠᠷ ᠲᠠᠢ ᠪᠠᠶᠢᠵᠤ | ᠂ ᠠᠵᠤ ᠠᠬᠤᠢ ᠮᠥᠨ ᠯᠡ ᠨᠡᠯᠢᠶᠡᠳ ᠶᠡᠭᠡ ᠪᠠᠭᠤᠷᠠᠬᠤ ᠳᠠᠷᠤᠯᠲᠠ ᠳᠤ ᠲᠤᠯᠭᠠᠷᠠᠬᠤ ᠪᠣᠯᠤᠨ᠎ᠠ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠬᠦᠨᠳᠦ ᠲᠠᠷᠤᠯᠳᠠ ᠶᠢ | ᠡᠭᠦᠷᠭᠡᠯᠡᠵᠦ᠂ ᠴᠢᠷᠮᠠᠶᠢᠬᠤ ᠴᠢᠬᠤᠯᠠᠲᠠᠢ ᠪᠠᠶᠢᠨ᠎ᠠ᠃ ᠪᠢᠳᠡ ᠡᠷᠬᠡᠪᠰᠢ ᠡᠷᠡᠰ ᠭᠤᠶᠢᠪᠢᠰᠢ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠷᠢᠳ ᠢᠶᠠᠷ | ᠪᠠᠶᠢᠭᠤᠯᠵᠤ ᠳᠠᠷᠠᠭ᠎ᠠ ᠨᠢ ᠡᠪᠳᠡᠬᠦ᠂ ᠠᠰᠠᠭᠤᠳᠠᠯ ᠢ ᠲᠤᠶᠢᠯᠪᠦᠷᠢᠳᠠᠢ ᠰᠢᠢᠳᠪᠦᠷᠢᠯᠡᠵᠦ᠂ ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾ ᠤ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠨ᠎ᠡ ᠲᠤᠯᠭᠠᠭᠤᠷᠢ ᠠᠵᠤ ᠦᠢᠯᠡᠰ ᠢ ᠲᠦᠷᠬᠡᠳᠬᠡᠨ ᠪᠤᠶᠢᠵᠢᠭᠤᠯᠵᠤ᠂ ᠰᠢᠨ᠎ᠡ ᠤᠷᠤᠯᠳᠤᠭᠠᠨ ᠤ ᠵᠠᠮ ᠢ ᠪᠦᠬᠦ | ᠬᠦᠴᠦᠨ ᠢᠶᠠᠷ ᠢᠶᠠᠨ ᠨᠡᠭᠡᠭᠡᠵᠦ᠂ ᠰᠢᠨ᠎ᠡ ᠬᠥᠳᠡᠯᠭᠡᠭᠦᠷ ᠢ ᠡᠭᠦᠳᠴᠦ᠂ ᠰᠢᠨ᠎ᠡ ᠳᠠᠪᠠᠭᠤᠯᠢᠭ ᠢ ᠡᠬᠦᠳᠦᠨ᠎ᠡ᠃ ᠪᠢᠳᠡ ᠡᠷᠬᠡᠪᠰᠢ ᠤᠷᠳᠤ ᠬᠤᠭᠤᠴᠠᠭᠠᠨ ᠤ ᠤᠬᠠᠮᠰᠠᠷ ᠢ | ᠪᠠᠲᠤ ᠪᠠᠬᠢ ᠪᠤᠢ ᠪᠣᠯᠭᠠᠵᠤ᠂ ᠶᠡᠷᠦᠩᠬᠡᠢ ᠲᠠᠩᠰᠠ᠂ ᠠᠯᠤᠰ ᠬᠡᠳᠤ ᠶᠢᠨ ᠲᠠᠩᠰᠠ ᠶᠢ ᠰᠠᠶᠢᠲᠤᠷ ᠪᠤᠳᠤᠵᠤ᠂ ᠣᠬᠤᠷ ᠬᠤᠭᠤᠴᠠᠭᠠᠨ ᠤ ᠠᠵᠢᠯᠯᠠᠭ᠎ᠠ ᠬᠢᠬᠦ ᠦᠭᠡᠢ᠂ | ᠦᠡᠭᠭᠡᠨ ᠲᠠᠯ᠎ᠠ ᠶᠢᠨ ᠠᠵᠢᠯ ᠬᠢᠬᠦ ᠦᠭᠡᠢ᠂ ᠨᠡᠩ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ᠂ ᠨᠡᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ ᠪᠠᠷ ᠦᠷᠭᠦᠯᠵᠢᠯᠡᠨ | ᠬᠦᠴᠦᠯᠡᠵᠦ᠂ ᠤᠷᠳᠤ ᠬᠤᠭᠤᠴᠠᠭ᠎ᠠ ᠪᠠᠷ ᠴᠢᠷᠮᠠᠶᠢᠵᠤ᠂ ᠨᠢᠭᠡ ᠨᠢᠭᠡ ᠠᠯᠬᠤᠮ ᠢᠶᠠᠷ ᠤᠷᠤᠭᠰᠢᠯᠠᠨ᠎ᠠ᠃ ᠪᠢᠳᠡ ᠡᠷᠬᠡᠪᠰᠢ ᠪᠦᠬᠦ ᠬᠦᠴᠦᠨ ᠢᠶᠠᠷ ᠢᠶᠠᠨ ᠲᠡᠷᠢᠭᠦᠨ ᠤ | ᠬᠢ ᠶᠢ ᠡᠭᠦᠳᠬᠦ ᠪᠠᠷ ᠴᠢᠷᠮᠠᠶᠢᠵᠤ᠂ ︽ᠨᠢᠭᠡ ᠬᠦᠴᠢᠷ ᠬᠤᠶᠠᠷ ᠬᠦᠴᠢᠷ ᠤᠯᠠᠨ ᠬᠦᠴᠢᠷ︾ ᠪᠤᠳᠤᠯᠢᠶᠠᠨᠲᠠᠢ ᠪᠠᠶᠢᠳᠠᠯ ᠪᠣᠯᠤᠨ ︽ᠴᠢᠬᠤᠯᠠᠲᠠᠢ ᠮᠥᠷᠲᠡᠭᠡᠨ ᠪᠠᠰᠠ | ᠴᠢᠬᠤᠯᠠᠲᠠᠢ︾ ᠪᠡᠷᠬᠡ ᠬᠠᠲᠠᠭᠤᠵᠢᠯᠲᠠᠢ ᠡᠭᠦᠷᠭᠡ ᠶᠢᠨ ᠡᠮᠦᠨ᠎ᠡ᠂ ᠬᠡᠪᠴᠢᠶ᠎ᠡ ᠬᠢᠬᠡᠳ ᠪᠦᠲᠦᠴᠡ᠂ ᠬᠤᠷᠳᠤᠴᠠ ᠬᠢᠬᠡᠳ ᠶᠠᠰᠤ ᠴᠢᠨᠠᠷ᠂ ᠬᠥᠭᠵᠢᠯᠲᠡ ᠬᠢᠬᠡᠳ ᠠᠮᠤᠷ | ᠲᠦᠪᠰᠢᠨ ᠵᠡᠷᠭᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠤᠯᠠᠨ ᠵᠦᠢᠯ ᠤᠨ ᠥᠷᠢᠰᠥᠯᠳᠦᠭᠡᠨ ᠳᠤᠮᠳᠠ ᠠᠮᠵᠢᠯᠲᠠ ᠣᠯᠵᠤ᠂ ᠤᠯᠠᠨ ᠳᠠᠪᠬᠤᠷ | ᠬᠠᠷᠠᠯᠲᠠ ᠶᠢᠨ ᠳᠤᠮᠳᠠ ᠲᠦᠷᠦᠭᠦᠯᠡᠬᠦ ᠪᠠᠷ ᠴᠢᠷᠮᠠᠶᠢᠵᠤ᠂ ᠡᠯ᠎ᠡ ᠵᠦᠢᠯ ᠤᠨ ᠬᠠᠷᠠᠯᠳᠠᠳᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠠᠷ ᠪᠠᠷᠠᠬᠤ | ᠦᠭᠡᠢ ᠪᠠᠰᠠ ᠨᠡᠩ ᠰᠠᠶᠢᠨ ᠪᠡᠶᠡᠯᠡᠭᠦᠯᠬᠦ ᠪᠠᠷ ᠴᠢᠷᠮᠠᠶᠢᠨ᠎ᠠ᠃ ᠡᠨᠡ ᠵᠢᠯ ᠲᠤᠤᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠡᠨᠧᠷᠭᠢ ᠶᠢᠨ ᠬᠤᠪᠢᠰᠬᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ | ᠥᠷᠢᠰᠥᠯᠳᠦᠭᠡᠨ ᠤ ᠳᠠᠪᠠᠭᠤᠯᠢᠭ ᠢ ᠪᠤᠢ ᠪᠣᠯᠭᠠᠨ᠎ᠠ᠃ ︽ᠰᠠᠯᠬᠢ ᠭᠡᠷᠡᠯ ᠤᠰᠤᠲᠥ᠋ᠷᠥᠭᠴᠢ ᠴᠡᠨᠡᠭ ᠬᠠᠳᠠᠭᠠᠯᠠᠬᠤ ᠮᠠᠰᠢᠨ ᠲᠡᠷᠭᠡ︾ ᠲᠠᠪᠤᠨ ᠶᠡᠭᠡ ᠠᠵᠤ ᠦᠢᠯᠡᠰ ᠤᠨ | ᠲᠣᠭᠤᠷᠢᠨ ᠳᠤ᠂ ᠪᠦᠯᠦᠭᠵᠢᠭᠦᠯᠦᠨ ᠪᠤᠶᠢᠵᠢᠭᠤᠯᠬᠤ᠂ ᠲᠠᠪᠴᠠᠩ ᠢ ᠴᠣᠭᠴᠠᠯᠠᠬᠤ᠂ ᠦᠢᠯᠡᠳᠬᠦᠨ ᠤ ᠬᠡᠷᠡᠭᠯᠡᠭᠡᠨ ᠢ ᠨᠢᠭᠡ ᠴᠣᠭᠴᠠᠵᠢᠭᠤᠯᠤᠨ ᠠᠬᠢᠭᠤᠯᠵᠤ᠂ ︽ | ᠬᠤᠣᠰ ᠵᠠᠭᠤᠨ GW︾᠂ ︽ᠲᠦᠮᠡᠨ ᠲᠣᠨ︾᠂ ︽ᠲᠦᠮᠡᠨ ᠰᠠᠤᠷᠢ︾ ᠮᠢᠩᠭᠠᠨ ᠳ᠋ᠦᠩᠰᠢᠭᠤᠷ ᠤᠨ ᠲᠡᠰ ᠤᠨ ᠠᠵᠤ ᠦᠢᠯᠡᠰ ᠤᠨ ᠰᠦᠷᠦᠭᠵᠢᠯ ᠢ ᠤᠷᠢᠳᠠᠪᠠᠷ | ᠪᠤᠢ ᠪᠤᠯᠭᠠᠵᠤ᠂ ᠤᠯᠤᠰ ᠤᠨ ᠰᠢᠨ᠎ᠡ ᠡᠨᠧᠷᠭᠢ ᠶᠢᠨ ᠲᠤᠨᠤᠭ ᠲᠦᠬᠦᠬᠡᠷᠦᠮᠵᠢ ᠦᠢᠯᠡᠳᠬᠦ ᠬᠡᠷᠡᠭᠯᠡᠬᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠲᠤᠨᠤᠭ ᠲᠦᠬᠦᠬᠡᠷᠦᠮᠵᠢ ᠦᠢᠯᠡᠳᠬᠦ ᠰᠠᠭᠤᠷᠢᠨ ᠭᠠᠵᠠᠷ ᠢ ᠪᠦᠬᠦ ᠬᠦᠴᠦ ᠪᠠᠷ ᠪᠦᠲᠦᠭᠡᠨ ᠪᠠᠶᠢᠭᠤᠯᠤᠨ᠎ᠠ᠃ | ᠰᠠᠯᠬᠢ ᠭᠡᠷᠡᠯ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ᠎ᠠ᠃ ᠯᠦᠩ ᠵᠢᠶ ᠶᠢᠨ ᠨᠢᠭᠡᠳᠦᠭᠡᠷ ᠬᠤᠭᠤᠴᠠᠭ᠎ᠠ᠂ ᠵᠥᠩ ᠴᠧᠩ ᠢᠦᠶ ᠬᠡᠷᠡᠯ ᠸᠤᠯᠲ ᠤᠨ | ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ ᠤᠨ ᠬᠦᠢᠴᠡᠳ ᠦᠢᠯᠡᠳᠪᠦᠷᠢᠯᠡᠬᠦ ᠳᠤ ᠬᠦᠷᠬᠦ ᠶᠢ ᠪᠠᠲᠤᠯᠠᠵᠤ᠂ ᠮᠧᠶ ᠧᠨ ᠵᠧᠩ ᠾᠧ 51 ᠲᠦᠮᠡᠨ | ᠲᠣᠨ ᠤ ᠡᠯᠧᠺᠲᠷᠣᠨ ᠬᠢᠮᠢ ᠶᠢᠨ ᠮᠠᠲ᠋ᠧᠷᠢᠶᠠᠯ᠂ ᠴᠠᠨ ᠳ᠋ᠧ ᠬᠡᠷᠡᠯ ᠢᠯᠴᠢ ᠶᠢᠨ ᠣᠶᠤᠨᠴᠢ ᠲᠤᠨᠤᠭ ᠲᠦᠬᠦᠬᠡᠷᠦᠮᠵᠢ ᠦᠢᠯᠡᠳᠬᠦ ᠵᠡᠷᠭᠡ ᠲᠥᠷᠥᠯ ᠵᠦᠢᠯ ᠢ | ᠤᠷᠤᠨᠰᠢᠭᠤᠯᠤᠨ ᠠᠵᠢᠯ ᠡᠬᠢᠯᠡᠬᠦᠯᠬᠦ ᠶᠢ ᠠᠬᠢᠭᠤᠯᠵᠤ᠂ ᠰᠠᠯᠬᠢᠨ ᠬᠦᠴᠦᠨ ᠤ ᠮᠠᠰᠢᠨ ᠤ ᠲᠡᠯᠪᠢ᠂ ᠬᠡᠷᠡᠯ ᠴᠡᠨᠡᠭ ᠤᠨ ᠠᠷᠤ ᠬᠠᠪᠲᠠᠰᠤ ᠦᠢᠯᠡᠳᠬᠦ ᠵᠡᠷᠭᠡ ᠠᠵᠤ | ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ ᠢ ᠣᠷᠣᠭᠤᠯᠤᠨ᠂ 100 GW ᠬᠡᠷᠡᠯ ᠴᠡᠨᠡᠭ ᠤᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ | ᠪᠦᠷᠢᠯᠳᠦᠭᠦᠯᠦᠨ᠎ᠡ᠃ ᠡᠨᠧᠷᠭᠢ ᠬᠠᠳᠠᠭᠠᠯᠠᠬᠤ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ᠎ᠠ᠃ ᠷᠦᠩ ᠺᠧ ᠪᠦᠷᠢᠨ ᠸᠠᠨᠠᠳᠢ ᠶᠢᠨ ᠰᠢᠩᠬᠡᠨ ᠤ ᠤᠷᠤᠰᠬᠠᠯ | ᠤᠨ ᠳ᠋ᠢᠶᠠᠨ ᡂᠢ᠂ ᠬᠤᠸᠠ ᠴᠤᠸᠠᠩ 10 ᠲᠦᠮᠡᠨ ᠲᠤ ᠵᠠᠰ ᠤᠨ ᠢᠯᠳᠠᠰᠤ ᠪᠠ ᠶᠤᠸᠠᠨ ᠵᠢᠩ ᠤᠨ ᠬᠤᠶᠠᠳᠤᠭᠠᠷ ᠬᠤᠭᠤᠴᠠᠭᠠᠨ ᠤ 20 GW᠂ ᠪᠦᠦ ᠹᠧᠩ ᠤᠨ | 50 GW ᠡᠨᠧᠷᠭᠢ ᠬᠠᠳᠠᠭᠠᠯᠠᠬᠤ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠵᠤ᠂ ᠯᠢᠲ᠋ᠢ ᠶᠢᠨ 20 ᠲᠦᠮᠡᠨ | ᠲᠣᠨ ᠪᠢᠯᠢᠭ ᠲᠦᠢᠯ ᠤᠨ ᠮᠠᠲ᠋ᠧᠷᠢᠶᠠᠯ᠂ ᠰᠠᠶ ᠸᠧᠶ ᠶᠢᠨ 10 ᠲᠦᠮᠡᠨ ᠲᠣᠨ ᠴᠠᠬᠢᠯᠭᠠᠨ ᠵᠠᠳᠠᠯᠤᠯ ᠤᠨ ᠰᠢᠩᠭᠡᠨ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠥᠷᠥᠯ | ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠸᠠ ᠵᠢᠩ ᠤᠨ 40 ᠲᠦᠮᠡᠨ ᠲᠣᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠡᠶᠡᠷᠭᠦ ᠲᠦᠢᠯ ᠤᠨ | ᠮᠠᠲ᠋ᠧᠷᠢᠶᠠᠯ ᠤᠨ ᠲᠥᠷᠥᠯ ᠵᠦᠢᠯ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠪᠠᠷ ᠬᠦᠴᠦᠯᠡᠵᠦ᠂ 100 GW ᠡᠨᠧᠷᠭᠢ ᠬᠠᠳᠠᠭᠠᠯᠠᠬᠤ ᠠᠵᠤ ᠦᠢᠯᠡᠰ ᠤᠨ | ᠪᠦᠯᠦᠭᠯᠡᠯ ᠢ ᠪᠤᠶᠢᠵᠢᠭᠤᠯᠤᠨ᠎ᠠ᠃ ᠤᠰᠤᠲᠥ᠋ᠷᠥᠭᠴᠢ ᠡᠨᠧᠷᠭᠢ ᠶᠢᠨ ᠲᠤᠨᠤᠭ ᠲᠦᠬᠦᠬᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ᠎ᠠ᠃ | ᠰᠦᠵᠧᠦ ᠶᠢᠨ ᠷᠦᠢ ᠴᠢᠦᠢ ᠤᠰᠤᠲᠥ᠋ᠷᠥᠭᠴᠢ ᠬᠡᠶ ᠶᠢᠨ ᠡᠷᠭᠢᠯᠲᠡ ᠶᠢᠨ ᠰᠢᠰᠲ᠋ᠧᠮ᠂ ᠵᠥᠩ ᠬᠤᠸᠠᠨ ᠬᠤᠸᠠᠨ ᠬᠤᠶ ᠨᠤᠭᠤᠭᠠᠨ ᠤᠰᠤᠲᠥ᠋ᠷᠥᠭᠴᠢ ᠶᠢᠨ ᠲᠤᠨᠤᠭ | ᠲᠦᠬᠦᠬᠡᠷᠦᠮᠵᠢ ᠶᠢᠨ ᠦᠢᠯᠡᠳᠪᠦᠷᠢ᠂ ᠴᠢᠩ ᠹᠧᠩ ᠮᠠᠭᠨᠢ ᠶᠢᠨ ᠰᠠᠭᠤᠷᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠵᠡᠷᠭᠡ ᠲᠥᠷᠥᠯ ᠵᠦᠢᠯ ᠤᠨ | ᠪᠠᠷᠢᠯᠭ᠎ᠠ ᠡᠬᠢᠯᠡᠭᠦᠯᠬᠦ ᠶᠢ ᠲᠦᠷᠬᠡᠳᠬᠡᠵᠦ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠲᠦᠷᠭᠡᠳᠬᠡᠭᠦᠷ᠂ ᠪᠦᠷᠬᠦᠭᠦᠯ ᠴᠠᠬᠢᠯᠭᠠᠨ ᠲᠦᠢᠯ ᠵᠡᠷᠭᠡ | ᠤᠰᠤᠲᠥ᠋ᠷᠥᠭᠴᠢ ᠶᠢᠨ ᠡᠨᠧᠷᠭᠢ ᠶᠢᠨ ᠲᠤᠨᠤᠭ ᠲᠦᠬᠦᠬᠡᠷᠦᠮᠵᠢ ᠦᠢᠯᠡᠳᠬᠦ 8 ᠶᠡᠭᠡ ᠵᠠᠩᠭᠢᠯᠠᠭ᠎ᠠ ᠶᠢᠨ ᠭᠤᠤᠯ ᠰᠡᠯᠪᠢᠭ ᠲᠤᠨᠤᠭᠯᠠᠯ ᠦᠢᠯᠡᠳᠬᠦ ᠠᠵᠤ ᠠᠬᠤᠶᠢᠯᠠᠯ ᠢ | ᠣᠷᠣᠭᠤᠯᠵᠤ᠂ ᠲᠦᠮᠡᠨ ᠲᠣᠨ ᠤ ᠲᠠᠰ ᠤᠨ ᠤᠰᠤᠲᠥ᠋ᠷᠥᠭᠴᠢ ᠡᠨᠧᠷᠭᠢ ᠶᠢᠨ ᠲᠤᠨᠤᠭ ᠲᠦᠬᠦᠬᠡᠷᠦᠮᠵᠢ ᠶᠢᠨ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ᠎ᠠ᠃ ᠱᠠᠩᠬᠠᠢ ᠶᠢᠨ ᠮᠠᠰᠢᠨ ᠲᠡᠷᠭᠡᠨ ᠤ ᠬᠤᠩ ᠶᠠᠨ᠂ ᠭᠦᠸᠧ ᠬᠤᠩ | ᠤᠰᠤᠲᠥ᠋ᠷᠥᠭᠴᠢ ᠡᠨᠧᠷᠭᠢ ᠶᠢᠨ ᠪᠦᠬᠦᠯᠢ ᠮᠠᠰᠢᠨ ᠲᠡᠷᠭᠡᠨ ᠤ ᠦᠢᠯᠡᠳᠪᠦᠷᠢᠯᠡᠯ ᠤᠨ ᠬᠢᠷᠢ ᠬᠡᠮ ᠢ ᠵᠥᠪᠰᠢᠶᠡᠷᠡᠭᠦᠯᠬᠦ ᠪᠠᠷ ᠴᠢᠷᠮᠠᠶᠢᠵᠤ᠂ ᠨᠢᠭᠡᠳᠦᠭᠡᠷ ᠮᠠᠰᠢᠨ ᠲᠡᠷᠭᠡᠨ ᠤ | ᠬᠦᠨᠳᠦ ᠠᠴᠢᠶᠠᠨ ᠤ ᠮᠠᠰᠢᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠯᠵᠢᠭᠦᠯᠬᠦ ᠶᠢ ᠲᠦᠷᠭᠡᠳᠬᠡᠨ ᠠᠬᠢᠭᠤᠯᠵᠤ᠂ ᠱᠠᠩᠬᠠᠢ ᠶᠢᠨ ᠮᠠᠰᠢᠨ ᠲᠡᠷᠭᠡᠨ ᠤ ᠬᠤᠩ ᠶᠠᠨ | ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠵᠢᠶᠧ ᠴᠢᠩ ᠲᠦᠯᠡᠰᠢᠨ ᠳ᠋ᠢᠶᠠᠨ ᡂᠢ ᠶᠢᠨ ᠰᠢᠰᠲ᠋ᠧᠮ ᠤᠨ ᠲᠥᠷᠥᠯ ᠵᠦᠢᠯ ᠤᠨ ᠦᠢᠯᠡᠳᠪᠦᠷᠢᠯᠡᠯ ᠤᠨ | ᠬᠡᠮᠵᠢᠶ᠎ᠡ ᠶᠢ ᠪᠡᠶᠡᠯᠡᠬᠦᠯᠵᠦ᠂ ᠮᠠᠰᠢᠨ ᠲᠡᠷᠭᠡᠨ ᠤ ᠰᠡᠯᠪᠢᠭ ᠲᠤᠨᠤᠭᠯᠠᠯ ᠦᠢᠯᠡᠳᠬᠦ᠂ ᠰᠢᠰᠲ᠋ᠧᠮ ᠤᠨ ᠬᠤᠷᠠᠮᠠᠯ ᠵᠡᠷᠭᠡ ᠢᠵᠢ ᠪᠥᠷᠢᠳᠦᠭᠰᠡᠨ ᠠᠵᠤ ᠦᠢᠯᠡᠰ ᠢ | ᠢᠳᠡᠪᠬᠢᠲᠡᠶ ᠣᠷᠣᠭᠤᠯᠵᠤ᠂ ᠲᠦᠮᠡᠨ ᠰᠠᠤᠷᠢ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡᠨ ᠤ ᠪᠦᠯᠦᠭᠯᠡᠯ ᠢ ᠪᠤᠶᠢᠵᠢᠭᠤᠯᠤᠨ᠎ᠠ᠃ | ᠪᠦᠬᠦ ᠬᠦᠴᠦ ᠪᠠᠷ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ︽ᠪᠥᠬᠦ ᠤᠯᠤᠰ ᠤᠨ | ᠲᠡᠷᠢᠭᠦᠨ ᠵᠡᠷᠬᠡ᠂ ᠣᠯᠠᠨ ᠤᠯᠤᠰ ᠤᠨ ᠲᠡᠷᠢᠭᠦᠨ ᠲᠠᠰ︾ ᠤᠨ ᠪᠠᠶᠢᠷᠢ ᠲᠣᠭᠲᠠᠭᠠᠯᠲᠠ ᠶᠣᠰᠣᠭᠠᠷ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ | ᠦᠢᠯᠡᠰ ᠤᠨ ᠬᠦᠷᠢᠶᠡᠯᠡᠩ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠪᠠ | ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠨ᠎ᠠ᠃ ᠨᠡᠭᠦᠷᠡᠰᠦᠲᠥ᠋ᠷᠥᠭᠴᠢ ᠦᠯᠦ | ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠳᠡᠯᠭᠡᠨ ᠦᠵᠡᠭᠦᠯᠬᠦ ᠲᠥᠪ ᠪᠠ ᠬᠤᠳᠠᠯᠳᠤᠭᠠᠨ ᠤ ᠶᠡᠷᠦᠩᠬᠡᠢ ᠴᠣᠭᠴᠠ ᠶᠢ ᠡᠬᠢᠯᠡᠨ ᠪᠠᠶᠢᠭᠤᠯᠵᠤ᠂ 10 | ᠲᠦᠮᠡᠨ ᠲᠣᠨ ᠤ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ 8 ᠲᠦᠮᠡᠨ ᠲᠣᠨ ᠤ ᠤᠰᠤ ᠬᠠᠩᠭᠠᠬᠤ ᠬᠤᠭᠤᠯᠠᠢ ᠶᠢᠨ ᠲᠤᠤᠷ᠂ 3 | ᠰᠠᠭᠤᠷᠢ 220 ᠺᠢᠯᠦᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠬᠢᠬᠡᠳ ᠴᠢᠬᠤᠯᠠ ᠶᠡᠭᠡ ᠲᠥᠷᠦᠯ ᠵᠦᠢᠯ ᠲᠠᠢ ᠵᠡᠷᠭᠡᠪᠡᠷ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ᠪᠤᠬᠢᠷᠳᠤᠯ ᠦᠬᠡᠢ ᠴᠠᠬᠢᠯᠭᠠᠨ ᠪᠢᠴᠢᠯ ᠴᠠᠬᠢᠯᠭᠠᠨ ᠲᠣᠣᠷ ᠢ ᠰᠢᠨ᠎ᠡ ᠪᠠᠷ ᠪᠠᠶᠢᠭᠤᠯᠤᠨ᠂ ᠴᠠᠬᠢᠯᠭᠠᠨ ᠲᠦᠭᠡᠭᠡᠨ ᠬᠤᠳᠠᠯᠳᠤᠬᠤ ᠲᠤᠭᠳᠠᠯᠴᠠᠭ᠎ᠠ ᠶᠢ | ᠪᠠᠶᠢᠭᠤᠯᠵᠤ᠂ ︽ᠡᠨᠧᠷᠭᠢ ᠶᠢᠨ ᠰᠤᠷᠪᠤᠯᠵᠢ ᠶᠢᠨ ᠠᠷᠠᠯ︾ ᠵᠢᠴᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠤᠰᠤᠲᠥ᠋ᠷᠥᠭᠴᠢ ᠰᠢᠪᠲᠦᠷ ᠤᠨ ᠡᠨᠧᠷᠬᠢ | ᠬᠠᠳᠠᠭᠠᠯᠠᠬᠤ ᠰᠢᠰᠲ᠋ᠧᠮ ᠤᠨ ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠤᠬᠢᠷᠳᠤᠯ ᠦᠬᠡᠢ ᠴᠠᠬᠢᠯᠭᠠᠨ ᠢ 80% ᠰᠢᠭᠤᠳ ᠬᠠᠩᠭᠠᠬᠤ᠂ 20 % | ᠰᠦᠯᠵᠢᠶᠡᠨ ᠤ ᠰᠤᠯᠢᠯᠴᠠᠭ᠎ᠠ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠢ ᠤᠷᠢᠳ ᠢᠶᠠᠷ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠠᠷᠢᠮᠵᠢᠶ᠎ᠠ ᠶᠢᠨ ᠰᠢᠰᠲ᠋ᠧᠮ ᠢ ᠲᠣᠭᠲᠠᠭᠠᠨ ᠲᠡᠭᠦᠯᠳᠡᠷᠵᠢᠭᠦᠯᠵᠦ᠂ ︽ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠦᠷᠢᠮᠵᠢᠯ︾ ᠤᠨ ᠣᠷᠣᠨ ᠨᠤᠲᠤᠭ ᠤᠨ | ᠪᠠᠷᠢᠮᠵᠢᠶ᠎ᠠ ᠪᠠ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠨᠡᠭᠦᠷᠡᠰᠦᠲᠥ᠋ᠷᠥᠭᠴᠢ ᠶᠢ ᠬᠡᠮᠵᠢᠬᠦ ᠰᠢᠰᠲ᠋ᠧᠮ ᠤᠨ | ᠲᠦᠷᠢᠮᠵᠢᠯ︾ ᠤᠨ ᠠᠵᠢᠯ ᠲᠦᠷᠦᠯ ᠤᠨ ᠪᠠᠷᠢᠮᠵᠢᠶ᠎ᠠ ᠶᠢ ᠨᠠᠶᠢᠷᠠᠭᠤᠯᠤᠨ ᠨᠡᠶᠢᠲᠡᠯᠡᠵᠤ᠂ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠨᠣᠭᠤᠭᠠᠨ ᠺᠣᠳ᠋︾ ᠢ | ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ᠂ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠨᠡᠭᠦᠷᠡᠰᠦᠲᠥ᠋ᠷᠥᠭᠴᠢ ᠶᠢᠨ ᠪᠣᠭᠤᠮᠲᠠ ᠶᠢᠨ ᠭᠠᠶᠢᠯᠢ ᠵᠡᠷᠭᠡ ᠲᠠᠯ᠎ᠠ ᠶᠢᠨ ᠬᠠᠷᠢᠴᠠᠭᠤᠯᠤᠭᠰᠠᠨ | ᠳᠠᠪᠠᠭᠤᠯᠢᠭ ᠢ ᠤᠯᠠᠮ ᠨᠢᠭᠡ ᠠᠯᠬᠤᠮ ᠶᠡᠬᠡᠰᠬᠡᠵᠦ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠲᠠᠲᠠᠬᠤ ᠬᠦᠴᠦᠨ ᠪᠠ ᠭᠤᠣᠯᠯᠠᠬᠤ ᠦᠷᠢᠰᠦᠯᠳᠦᠬᠦ ᠬᠦᠴᠦᠨ ᠢ | ᠶᠡᠭᠡ ᠪᠠᠷ ᠳᠡᠭᠡᠭᠰᠢᠯᠡᠭᠦᠯᠦᠨ᠎ᠡ᠃ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠡᠷᠡᠭᠯᠡᠭᠡᠨ ᠤ ᠪᠠᠶᠢᠳᠠᠯ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠣᠯᠠᠨ ᠡᠰᠢᠵᠢᠭ᠍ᠰᠡᠨ ᠬᠡᠷᠡᠭᠯᠡᠭᠡᠨ ᠤ | ᠪᠠᠶᠢᠳᠠᠯ ᠢᠶᠠᠷ ᠬᠥᠲᠥᠯᠦᠮᠵᠢ ᠪᠣᠯᠭᠠᠵᠤ᠂ ᠲᠣᠮᠣ ᠵᠠᠬ᠎ᠠ ᠳᠡᠯᠭᠡᠭᠦᠷ᠂ ᠲᠣᠮᠣ ᠪᠠᠶᠢᠳᠠᠯ ᠢᠶᠠᠷ ᠲᠣᠮᠣ ᠠᠵᠤ ᠦᠢᠯᠡᠰ ᠢ ᠬᠦᠭᠵᠢᠬᠦᠯᠦᠨ᠎ᠡ᠃ ᠬᠤᠸᠠ ᠳ᠋ᠢᠶᠠᠨ ᠵᠧᠩ ᠨᠧᠩ | ᠤᠨ 26 ᠲᠦᠮᠡᠨ ᠺᠢᠯᠦᠸᠠᠲ᠂ ᠱᠧᠩ ᠶᠤᠸᠠᠨ ᠡᠨᠧᠷᠭᠢ ᠶᠢᠨ 17.5 ᠲᠦᠮᠡᠨ ᠺᠢᠯᠦᠸᠠᠲ ᠤᠨ ᠰᠠᠯᠬᠢᠨ ᠭᠡᠷᠡᠯ ᠢᠶᠠᠷ ᠤᠰᠤᠲᠥ᠋ᠷᠥᠭᠴᠢ ᠦᠢᠯᠡᠳᠬᠦ ᠪᠠ ᠬᠤᠢ ᠨᠧᠩ | ᠨᠡᠭᠦᠷᠡᠰᠣ ᠪᠠᠷ ᠬᠡᠢ ᠦᠢᠯᠡᠳᠬᠦ ᠰᠡᠭᠦᠯ ᠤᠨ ᠬᠡᠢ ᠶᠢ ᠴᠡᠪᠡᠷᠰᠢᠬᠦᠯᠤᠨ ᠤᠰᠤᠳᠦ᠋ᠷᠦᠭᠴᠢ ᠦᠢᠯᠡᠳᠬᠦ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠳᠠ ᠳᠤ | ᠤᠷᠤᠭᠤᠯᠬᠤ ᠶᠢ ᠠᠬᠢᠭᠤᠯᠵᠤ᠂ ᠤᠰᠤᠲᠥ᠋ᠷᠥᠭᠴᠢ ᠬᠠᠩᠭᠠᠬᠤ ᠴᠢᠳᠠᠪᠤᠷᠢ ᠶᠢ 3 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ᠃ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠨᠤᠭᠤᠭᠠᠨ ᠤᠰᠤᠲᠥ᠋ᠷᠥᠭᠴᠢ ᠪᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠤᠰᠤᠲᠥ᠋ᠷᠥᠭᠴᠢ ᠪᠠᠷ ᠨᠡᠭᠦᠷᠡᠰᠦ ᠶᠢ ᠤᠷᠤᠯᠠᠭᠤᠯᠬᠤ᠂ | ᠨᠤᠭᠤᠭᠠᠨ ᠤᠰᠤᠲᠥ᠋ᠷᠥᠭᠴᠢ ᠪᠠᠷ ᠨᠡᠭᠦᠷᠡᠰᠦᠲᠥ᠋ᠷᠥᠭᠴᠢ ᠶᠢ ᠠᠷᠢᠯᠭᠠᠬᠤ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠵᠧᠩ ᠨᠧᠩ ᠨᠡᠭᠦᠷᠡᠰᠦᠨ ᠤ ᠬᠡᠥᠳᠡᠰᠦ ᠶᠢ | ᠭᠦᠨᠵᠡᠭᠡᠶ ᠪᠤᠯᠪᠠᠰᠤᠷᠠᠭᠤᠯᠬᠤ ᠨᠤᠭᠤᠭᠠᠨ ᠤᠰᠤᠲᠥ᠋ᠷᠥᠭᠴᠢ ᠪᠠᠷ ᠣᠷᠣᠯᠠᠭᠤᠯᠬᠤ ᠲᠦᠭᠦᠬᠡᠶ ᠮᠠᠲ᠋ᠧᠷᠢᠶᠠᠯ ᠤᠨ ᠨᠡᠭᠦᠷᠡᠰᠦᠨ ᠤ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠨ ᠠᠵᠢᠯᠯᠠᠭᠤᠯᠬᠤ ᠶᠢ ᠪᠠᠲᠤᠯᠠᠵᠤ᠂ ᠤᠯᠤᠰ ᠤᠨ ᠡᠨᠧᠷᠭᠢ ᠶᠢᠨ ᠨᠡᠭᠦᠷᠡᠰᠦ ᠪᠠᠷ ᠲᠣᠰᠣ ᠦᠢᠯᠡᠳᠬᠦ ᠶᠢ ᠲᠠᠰ ᠳᠡᠪᠰᠢᠭᠦᠯᠦᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠵᠠᠭᠤᠨ ᠲᠦᠮᠡᠨ ᠲᠣᠨ ᠤ ᠲᠠᠰ ᠤᠨ CCUS ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠰᠢᠨ᠎ᠡ | ᠡᠨᠧᠷᠭᠢ ᠶᠢᠨ ᠬᠦᠨᠳᠦ ᠠᠴᠢᠶᠠᠨ ᠤ ᠮᠠᠰᠢᠨ ᠢᠶᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 2 ᠰᠠᠭᠤᠷᠢ ᠪᠤᠬᠢᠷᠳᠤᠯ ᠦᠬᠡᠢ ᠴᠠᠬᠢᠯᠭᠠᠨ ᠢᠶᠠᠷ | ᠤᠰᠤᠲᠥ᠋ᠷᠥᠭᠴᠢ ᠦᠢᠯᠡᠳᠬᠦ ᠨᠡᠮᠡᠬᠦ ᠬᠠᠳᠠᠭᠠᠯᠠᠬᠤ ᠴᠠᠬᠢᠯᠭᠠᠨ ᠴᠡᠨᠡᠭ ᠰᠤᠯᠢᠬᠤ ᠶᠢ ᠨᠢᠬᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ | ᠦᠵᠡᠭᠦᠯᠬᠦ ᠥᠷᠲᠡᠭᠡ ᠪᠠ 10 ᠰᠠᠭᠤᠷᠢ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭᠠᠨ ᠴᠡᠨᠡᠭ ᠰᠤᠯᠢᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ | ᠤᠰᠤᠳᠦ᠋ᠷᠦᠭᠴᠢ ᠡᠨᠧᠷᠬᠢ ᠶᠢᠨ ᠵᠢᠱᠢᠶ᠎ᠡ ᠦᠵᠡᠬᠦᠯᠬᠦ ᠲᠡᠬᠡᠬᠡᠪᠦᠷᠢ ᠶᠢᠨ ᠱᠤᠭᠤᠮ 5 ᠰᠢᠨ᠎ᠡ ᠪᠠᠷ ᠨᠡᠪᠲᠡᠷᠡᠭᠦᠯᠵᠦ᠂ ᠨᠡᠭᠦᠷᠡᠰᠦ ᠲᠡᠭᠡᠭᠡᠪᠦᠷᠢᠯᠡᠬᠦ᠂ ᠣᠯᠠᠨ ᠨᠡᠶᠢᠲᠡ ᠶᠢᠨ | ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠬᠦᠷᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ 700 | ᠳᠡᠯᠭᠡᠷᠡᠭᠦᠯᠦᠨ ᠬᠡᠷᠡᠭᠯᠡᠬᠦ ᠪᠠᠷ ᠬᠦᠴᠦᠯᠡᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠵᠤ᠂ ︽ᠤᠮᠠᠷᠠᠲᠤ | ᠬᠢᠯᠢ ᠶᠢᠨ ᠤᠰᠤᠲᠥ᠋ᠷᠥᠭᠴᠢᠲᠦ ᠬᠤᠲᠠ︾ ᠶᠢ ᠬᠦᠴᠦᠯᠡᠨ ᠪᠠᠶᠢᠭᠤᠯᠤᠨ᠎ᠠ᠃ | ︵ᠬᠤᠶᠠᠷ︶ ᠬᠠᠳᠠᠭᠠᠯᠠᠯᠲᠠ ᠬᠡᠮᠵᠢᠶ᠎ᠡ ᠶᠢ ᠲᠦᠷᠭᠡᠳᠬᠡᠨ ᠰᠢᠨᠡᠳᠬᠡᠵᠦ᠂ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠤᠨ᠎ᠠ᠃ ᠶᠠᠰᠤ ᠴᠢᠨᠠᠷ ᠢ ᠵᠡᠷᠭᠡᠪᠡᠷ ᠬᠥᠭᠵᠢᠭᠦᠯᠬᠦ᠂ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠠᠷᠢᠮᠲᠠᠯᠠᠵᠤ᠂ ᠪᠠᠶᠢᠬᠤ ᠵᠦᠢᠯ ᠳᠤ | ᠰᠢᠨ᠎ᠡ ᠶᠢ ᠡᠭᠦᠳᠴᠦ᠂ ᠪᠠᠭ᠎ᠠ ᠠᠴᠠ ᠲᠣᠮᠣ ᠪᠣᠯᠭᠠᠵᠤ᠂ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠬᠤ᠂ ᠬᠤᠶᠠᠳᠤᠭᠠᠷ ᠠᠵᠤ ᠦᠢᠯᠡᠰ ᠤᠨ ᠳᠡᠰ ᠳᠡᠪᠰᠢᠬᠦ᠂ | ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ | ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ︽ᠨᠡᠭᠦᠷᠡᠰᠦ | ᠮᠠᠯᠳᠠᠬᠤ ᠶᠢ ᠨᠡᠮᠡᠭᠳᠡᠭᠦᠯᠬᠦ︾ ︽ᠰᠢᠨ᠎ᠡ ᠪᠠᠷ ᠨᠡᠮᠡᠭᠳᠡᠭᠦᠯᠬᠦ︾ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠡᠷᠡᠰ ᠴᠢᠩᠭ᠎ᠠ ᠡᠭᠦᠷᠭᠡᠯᠡᠨ᠎ᠡ᠃ ᠨᠡᠭᠦᠷᠡᠰᠦᠨ ᠤ ᠴᠢᠨᠠᠷ ᠰᠠᠶᠢᠲᠠᠶ ᠦᠢᠯᠡᠳᠪᠦᠷᠢᠯᠡᠬᠦ ᠴᠢᠳᠠᠪᠤᠷᠢ ᠶᠢ ᠬᠦᠢᠴᠡᠳ ᠪᠠᠳᠠᠷᠠᠭᠤᠯᠵᠤ᠂ ᠨᠠᠷᠢᠨᠰᠢᠯᠢ | ᠠᠭᠤᠷᠬᠠᠶ ᠶᠢᠨ ᠣᠷᠣᠨ ᠤ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠢᠳᠡᠪᠬᠢᠲᠡᠶ ᠠᠬᠢᠭᠤᠯᠵᠤ᠂ ᠱᠧᠨ ᠬᠤᠸᠠ ᠰᠢᠨ᠎ᠡ ᠵᠡᠭᠡᠯᠢ ᠶᠢᠨ ᠡᠨᠧᠷᠭᠢ ᠶᠢᠨ | ᠨᠢᠭᠡᠳᠦᠭᠡᠷ ᠬᠤᠳᠳᠤᠭ᠂ ᠬᠤᠶᠠᠳᠤᠭᠠᠷ ᠬᠤᠳᠳᠤᠭ ᠤᠨ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠦᠯᠦᠩᠳᠦ᠂ | ᠮᠠᠯᠴᠢᠨ ᠬᠤᠭᠤᠯᠠᠢ ᠵᠡᠷᠭᠡ 6 ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ ᠶᠢ 840 ᠲᠦᠮᠡᠨ ᠲᠣᠨ ᠰᠢᠨ᠎ᠡ ᠪᠠᠷ ᠨᠡᠮᠡᠭᠳᠡᠭᠦᠯᠬᠦ ᠶᠢ ᠠᠬᠢᠭᠤᠯᠵᠤ᠂ | ᠪᠥᠬᠦ ᠵᠢᠯ ᠤᠨ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠶᠢ 2.3 ᠳ᠋ᠦᠩᠰᠢᠭᠤᠷ ᠲᠣᠨ ᠳᠤ ᠬᠦᠷᠦᠭᠦᠯᠬᠦ ᠪᠠᠷ ᠬᠦᠴᠦᠯᠡᠨ᠎ᠡ᠃ ᠤᠶᠤᠨᠲᠤ | ᠠᠭᠤᠷᠬᠠᠢ ᠶᠢᠨ ᠪᠦᠲᠦᠭᠡᠨ ᠪᠠᠢᠭᠤᠯᠤᠯᠲᠠ ᠶᠢ ᠠᠬᠢᠭᠤᠯᠵᠤ᠂ ᠰᠠᠨ ᠰᠢᠩ᠂ ᠪᠠᠢ ᠵᠢᠶᠠ ᠯᠢᠶᠠᠩ ᠵᠡᠷᠭᠡ 17 ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ | ᠳᠡᠭᠡᠭᠰᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠪᠦᠬᠦᠨ ᠢᠶᠠᠷ ᠢᠶᠠᠨ ᠣᠶᠤᠨᠴᠢᠯᠠᠭᠰᠠᠨ | ᠨᠡᠭᠡᠭᠡᠨ ᠠᠰᠢᠭᠯᠠᠯᠲᠠ ᠶᠢ ᠪᠡᠶᠡᠯᠡᠭᠦᠯᠵᠦ᠂ ᠪᠦᠬᠦ ᠤᠯᠤᠰ ᠤᠨ ᠨᠡᠭᠦᠷᠡᠰᠦᠨ ᠤ ᠬᠦᠷᠢᠶ᠎ᠡ ᠬᠡᠪᠴᠢᠶᠡᠨ ᠳᠠᠬᠢ ᠲᠡᠷᠢᠭᠦᠨ ᠤ ᠮᠡᠷᠭᠡᠵᠢᠯ ᠤᠨ ᠬᠡᠷᠡᠭᠯᠡᠭᠡᠨ ᠤ ᠬᠡᠪ | ᠳᠠᠭᠤᠷᠢᠶᠠᠯ ᠢ ᠪᠤᠢ ᠪᠣᠯᠭᠠᠨ᠎ᠠ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ | ᠠᠵᠤ ᠦᠢᠯᠡᠰ ᠤᠨ ᠬᠦᠷᠢᠶᠡᠯᠡᠩ ᠤᠨ 50 ᠲᠦᠮᠡᠨ ᠺᠢᠯᠦᠸᠠᠲ᠂ ᠤᠯᠤᠰ ᠤᠨ ᠴᠠᠬᠢᠯᠭᠠᠨ ᠬᠦᠴᠦᠨ ᠤ 27 ᠲᠦᠮᠡᠨ ᠺᠢᠯᠦᠸᠠᠲ ᠵᠡᠷᠭᠡ ᠰᠢᠨ᠎ᠡ ᠡᠨᠧᠷᠭᠢ ᠶᠢᠨ | ᠲᠦᠷᠦᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 215 ᠲᠦᠮᠡᠨ | ᠺᠢᠯᠦᠸᠠᠲ ᠲᠤ ᠬᠦᠷᠭᠡᠵᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭ᠋ᠤ ᠬᠠᠷᠠᠯᠲᠠ ᠶᠢ ᠤᠷᠢᠳ ᠢᠶᠠᠷ ᠪᠡᠶᠡᠯᠡᠭᠦᠯᠦᠨ᠎ᠡ᠃ | ᠦᠢᠯᠡᠳᠬᠦ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠲᠡᠭᠡᠳᠦ ᠲᠡᠰ ᠂ ᠣᠶᠤᠨᠯᠢᠭ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ | ᠠᠳᠬᠤᠵᠤ᠂ ᠦᠢᠯᠡᠳᠪᠦᠷᠢ ᠠᠭᠤᠷᠬᠠᠢ ᠶᠢᠨ ᠠᠵᠤ ᠠᠬᠤᠢᠯᠠᠯ ᠳᠤ ᠨᠠᠷᠢᠯᠢᠭ ᠠᠵᠤ ᠦᠢᠯᠡᠰ ᠢ ᠢᠵᠢ ᠲᠥᠬᠦᠷᠵᠢᠭᠦᠯᠬᠦ ᠪᠠ ᠵᠠᠯᠭᠠᠮᠵᠢ ᠦᠢᠯᠡᠴᠢᠯᠡᠭᠡ ᠬᠠᠩᠭᠠᠬᠤ | ᠲᠣᠭᠤᠷᠢᠨ ᠳᠤ᠂ ᠲᠢᠶᠠᠨ ᠯᠦᠩ ᠥᠨᠳᠥᠷ ᠬᠤᠷᠳᠤᠴᠠᠲᠤ ᠯᠠᠶᠢᠰᠧᠷ ᠢᠶᠠᠷ ᠬᠠᠢᠯᠤᠭᠤᠯᠤᠨ ᠪᠦᠷᠬᠦᠭᠦᠯᠵᠦ ᠦᠢᠯᠡᠳᠬᠦ᠂ ᠪᠧᠢ ᠴᠤᠸᠠᠩ ᠠᠭᠤᠷᠬᠠᠢ ᠶᠢᠨ ᠬᠡᠷᠡᠭᠯᠡᠬᠡᠨ ᠤ | ᠶᠡᠷᠦᠩᠬᠡᠢᠯᠡᠭᠰᠡᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠱᠧᠨ ᠳ᠋ᠦᠩ ᠬᠡᠲᠦ ᠶᠡᠭᠡ ᠨᠡᠭᠡᠭᠡᠨ | ᠮᠠᠯᠲᠠᠬᠤ ᠰᠢᠩᠭᠡᠨ ᠳᠠᠷᠤᠴᠠᠲᠤ ᠲᠤᠯᠭᠠᠭᠤᠷᠢ᠂ ᠷᠦᠩ ᠶᠤᠸᠠᠢ ᠲᠡᠭᠡᠳᠦ ᠲᠡᠰ ᠤᠨ ᠰᠡᠯᠪᠢᠭ ᠲᠤᠨᠤᠭᠯᠠᠯ ᠰᠡᠯᠪᠢᠨ ᠦᠢᠯᠡᠳᠬᠦ ᠵᠡᠷᠭᠡ ᠲᠥᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠲᠥᠬᠦᠷ ᠲᠥᠬᠦᠭᠡᠷᠦᠮᠵᠢ᠂ ᠶᠡᠷᠦᠩᠬᠡᠢᠯᠡᠭᠰᠡᠨ ᠨᠡᠭᠡᠭᠡᠨ ᠮᠠᠯᠲᠠᠬᠤ ᠲᠣᠨᠤᠭ ᠲᠥᠬᠦᠭᠡᠷᠦᠮᠵᠢ ᠵᠡᠷᠭᠡ ᠦᠢᠯᠡᠳᠬᠦ ᠠᠵᠤ | ᠠᠬᠤᠢᠯᠠᠯ ᠢ ᠢᠳᠡᠪᠬᠢᠲᠡᠢ ᠣᠷᠣᠭᠤᠯᠵᠤ᠂ ᠠᠭᠤᠷᠬᠠᠢ ᠶᠢᠨ ᠬᠡᠷᠡᠭᠯᠡᠬᠡᠨ ᠤ ᠲᠣᠨᠤᠭ ᠲᠥᠬᠦᠭᠡᠷᠦᠮᠵᠢ ᠦᠢᠯᠡᠳᠬᠦ ᠶᠢ ᠠᠵᠤ ᠦᠢᠯᠡᠰ ᠤᠨ ᠬᠡᠯᠬᠢᠶᠡᠰᠦ ᠶᠢᠨ ᠦᠷᠳᠡᠭ ᠢ | ᠳᠤᠮᠳᠠ ᠲᠡᠭᠡᠳᠦ ᠳᠡᠰ ᠵᠦᠭ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠠᠵᠤ ᠦᠢᠯᠡᠰ ᠢ ᠨᠠᠷᠢᠯᠢᠭᠵᠢᠭᠤᠯᠤᠨ ᠪᠤᠶᠢᠵᠢᠭᠤᠯᠵᠤ᠂ ᠢᠦᠶ ᠲᠠᠢ ᠹᠠᠩ ᠯᠢᠤᠸᠠᠢ ᠵᠢᠯ ᠳᠤ | 10 ᠳ᠋ᠦᠩᠰᠢᠭᠤᠷ ᠠᠵᠤ ᠦᠢᠯᠡᠳᠪᠦᠷᠢ ᠶᠢᠨ ᠬᠠᠭᠠᠰ ᠳᠠᠮᠵᠢᠭᠤᠯᠤᠭᠴᠢ ᠴᠠᠬᠢᠮ ᠦᠢᠯᠡᠳᠬᠦ ᠦᠢᠯᠡᠳᠪᠦᠷᠢᠯᠡᠯ ᠤᠨ ᠱᠤᠭᠤᠮ ᠢ ᠣᠷᠣᠭᠤᠯᠵᠤ᠂ ᠠᠵᠤ ᠦᠢᠯᠡᠰ ᠤᠨ | ᠬᠦᠭᠵᠢᠯᠳᠡ ᠶᠢᠨ ᠬᠤᠭᠤᠰᠣᠨ ᠢ ᠨᠥᠬᠦᠪᠥᠷᠢᠯᠡᠨ᠎ᠡ᠃ ︽ ᠬᠤᠩ ᠮᠧᠩ ᠠᠭᠤᠷᠬᠠᠶ ᠶᠢᠨ ᠬᠡᠷᠡᠭᠯᠡᠬᠡᠨ ᠤ ᠰᠢᠰᠲ᠋ᠧᠮ︾ ᠤᠨ ᠠᠵᠤ ᠦᠢᠯᠡᠳᠪᠦᠷᠢ ᠶᠢᠨ ᠬᠠᠷᠢᠯᠴᠠᠨ | ᠬᠤᠯᠪᠣᠭᠠᠯᠠᠵᠤ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠲᠤ ᠲᠦᠰᠢᠭᠯᠡᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠵᠢᠱᠢᠶ᠎ᠡ ᠦᠵᠡᠭᠦᠯᠬᠦ | ᠬᠡᠷᠡᠭᠯᠡᠭᠡᠨ ᠢ ᠳᠡᠯᠭᠡᠷᠡᠭᠦᠯᠵᠦ᠂ ᠨᠢᠭᠡ ᠪᠦᠯᠦᠭ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ᠂ ᠲᠣᠭᠠᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠤᠷᠢᠳᠠᠪᠠᠷ ᠪᠣᠶ | ᠪᠣᠯᠭᠠᠵᠤ᠂ ᠬᠤᠩ ᠮᠧᠩ ᠤᠨ ᠬᠡᠷᠡᠭᠯᠡᠬᠡᠨ ᠤ ᠰᠢᠰᠲ᠋ᠧᠮ ᠤᠨ ᠨᠠᠩ ᠣᠯᠠᠨ ᠠᠵᠤ ᠦᠢᠯᠡᠳᠪᠦᠷᠢ ᠶᠢᠨ ᠬᠦᠷᠢᠶᠡᠨ ᠳᠤ ᠬᠡᠪᠴᠢᠶᠡᠵᠢᠭᠦᠯᠦᠨ ᠬᠡᠷᠡᠭᠯᠡᠬᠦ ᠶᠢ ᠠᠬᠢᠭᠤᠯᠤᠨ᠂ | ᠠᠵᠤ ᠦᠢᠯᠡᠰ ᠤᠨ ᠲᠣᠭᠠᠴᠢᠯᠠᠯᠲᠠ ᠪᠠᠷ ᠡᠨᠧᠷᠭᠢ ᠣᠯᠭᠤᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠡᠷᠡᠭᠯᠡᠭᠡᠨ ᠤ ᠢᠲᠡᠭᠡᠯ ᠵᠣᠷᠢᠭ ᠢ | ᠶᠡᠭᠡ ᠪᠠᠷ ᠬᠥᠪᠴᠢᠯᠡᠵᠦ᠂ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ᠂ ᠦᠨ᠎ᠡ ᠥᠷᠲᠡᠭ ᠢᠶᠠᠷ ᠨᠠᠩ ᠥᠨᠳᠥᠷ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠨᠡᠷᠡᠨ ᠬᠤᠲᠠ᠂ CBD ᠰᠦᠯᠵᠢᠶᠡᠨ ᠴᠤᠤᠳᠤ ᠶᠠᠪᠠᠭᠠᠨ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ | ᠨᠢᠭᠡ ᠪᠦᠯᠦᠭ ᠨᠡᠶᠢᠭᠡᠮ ᠲᠣᠭᠤᠷᠢᠭ ᠤᠨ ᠳᠥᠭᠦᠮ ᠳᠥᠲᠡ ᠳᠡᠯᠭᠡᠭᠦᠷ ᠢ ᠪᠠᠶᠢᠭᠤᠯᠵᠤ᠂ ᠨᠠᠩ ᠣᠯᠠᠨ ᠬᠤᠳᠠᠯᠳᠤᠭᠠᠨ ᠤ ᠴᠣᠭᠴᠠ᠂ ᠵᠢᠵᠢᠭ ᠬᠤᠳᠠᠯᠳᠤᠭᠠᠴᠢᠨ ᠢ | ᠬᠥᠭᠵᠢᠭᠡᠨ᠂ ᠬᠢᠵᠢᠭ ᠤᠨ ᠪᠠᠶᠢᠳᠠᠯ ᠢᠶᠠᠷ ᠰᠠᠭᠠᠳᠠᠭᠤᠯᠤᠭᠰᠠᠨ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠨ᠎ᠡ᠃ ᠤᠯᠠᠭᠠᠨᠮᠥ᠋ᠷᠡᠨ ᠨᠠᠭᠤᠷ ᠤᠨ ᠨᠠᠭᠤᠷ ᠤᠨ ᠬᠦᠪᠡᠬᠡᠨ ᠤ | ᠠᠵᠤ ᠠᠬᠤᠶ ᠶᠢᠨ ᠪᠦᠰᠡ ᠶᠢ ᠥᠨᠳᠥᠷ ᠪᠠᠷᠢᠮᠵᠢᠶ᠎ᠠ ᠪᠠᠷ ᠴᠤᠭᠴᠠᠯᠠᠵᠤ᠂ ᠰᠢᠩ ᠲᠠᠢ ᠴᠠᠭ ᠦᠶ᠎ᠡ ᠶᠢᠨ ᠠᠭᠤᠳᠠᠮ ᠲᠠᠯᠠᠪᠠᠶ᠂ ᠺᠠᠶ ᠶᠤᠸᠠᠨ ᠲᠠᠪᠤᠨ ᠣᠳᠣᠨ ᠲᠠᠰ ᠤᠨ | ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠶ ᠳ᠋ᠠ ᠠᠭᠤᠳᠠᠮ ᠲᠠᠯᠠᠪᠠᠶ᠂ ᠯᠢᠨᠵᠢᠶᠠᠩ ᠲᠣᠮᠣ ᠠᠰᠠᠷ ᠵᠡᠷᠭᠡ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠡᠬᠢᠯᠡᠨ ᠬᠡᠷᠡᠭᠯᠡᠵᠦ᠂ ᠸᠠᠨ ᠳ᠋ᠠ᠂ ᠤᠲᠷᠠᠶᠢᠰ ᠵᠡᠷᠭᠡ ᠤᠯᠤᠰ ᠤᠨ ᠳᠣᠲᠣᠭᠠᠳᠤ ᠶᠢᠨ ᠨᠠᠷᠠᠲᠤ ᠲᠥᠷᠥᠯ | ᠲᠡᠮᠳᠡᠭᠲᠦ ᠶᠢ ᠢᠳᠡᠪᠬᠢᠲᠡᠶ ᠪᠠᠷ ᠣᠷᠣᠭᠤᠯᠵᠤ᠂ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠲᠥᠪ ᠢ ᠪᠦᠳᠦᠬᠡᠨ ᠪᠠᠶᠢᠭᠤᠯᠤᠨ᠎ᠠ᠃ ᠶᠡᠷᠦᠩᠬᠡᠶ ᠬᠡᠯᠲᠡᠰ ᠤᠨ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠭᠠᠵᠠᠷ ᠰᠢᠷᠣᠶ᠂ ᠠᠰᠠᠷ ᠲᠠᠭᠲᠤ ᠵᠡᠷᠭᠡ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠡᠷᠡᠭᠯᠡᠵᠦ᠂ ᠡᠯ᠎ᠡ | ᠲᠥᠷᠥᠯ ᠤᠨ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠶ᠂ ᠴᠢᠳᠠᠮᠵᠢ ᠶᠢᠨ ᠴᠢᠨᠠᠷᠲᠠᠶ ᠶᠡᠷᠦᠩᠬᠡᠶ ᠬᠡᠯᠲᠡᠰ ᠤᠨ ᠣᠷᠣᠵᠤ ᠢᠷᠡᠬᠦ ᠶᠢ ᠵᠣᠷᠢᠠᠠᠵᠢᠭᠤᠯᠤᠨᠠ᠃ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ | ᠤᠯᠤᠰ ᠤᠨ ᠦᠮᠴᠢᠯᠡᠯᠳᠦ ᠦᠵᠡᠮᠵᠢ ᠶᠢᠨ ᠣᠷᠣᠨ ᠤ ᠥᠮᠴᠢᠯᠡᠯ ᠤᠨ ᠡᠷᠬᠡ᠂ ᠬᠠᠮᠢᠶᠠᠷᠤᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠬᠤᠪᠢᠶᠠᠷᠢᠯᠠᠨ | ᠲᠤᠬᠢᠷᠠᠭᠤᠯᠬᠤ ᠶᠢ ᠰᠦᠪᠡᠭᠴᠢᠯᠡᠨ ᠬᠡᠷᠡᠭᠵᠢᠭᠦᠯᠵᠦ᠂ ᠦᠵᠡᠮᠵᠢ ᠶᠢᠨ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠢᠴᠡᠳ ᠬᠦᠭᠵᠢᠬᠦᠯᠦᠨ᠎ᠡ᠃ | ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠴᠢᠳᠠᠮᠵᠢ ᠪᠠᠨ ᠲᠡᠭᠦᠯᠳᠡᠷᠵᠢᠭᠦᠯᠬᠦ ᠶᠢ ᠲᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠤᠣᠯ ᠰᠡᠳᠦᠪᠲᠦ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠪᠠ ᠣᠯᠠᠨ ᠤᠯᠤᠰ ᠤᠨ ᠬᠡᠭᠡᠷ᠎ᠡ ᠪᠠᠭᠤᠳᠠᠯᠯᠠᠬᠤ ᠵᠢᠵᠢᠭ ᠪᠠᠯᠭᠠᠰᠤ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠢᠭᠡ ᠪᠦᠯᠦᠭ ᠥᠪᠡᠷᠮᠢᠴᠡ ᠣᠨᠴᠠᠯᠢᠭ | ᠪᠥᠬᠦᠶ ᠰᠣᠶᠣᠯ ᠤᠨ ᠰᠢᠨ᠎ᠡ ᠡᠭᠦᠳᠦᠯᠲᠡ ᠶᠢᠨ ᠦᠢᠯᠡᠳᠬᠦᠨ ᠢ ᠭᠠᠷᠭᠠᠵᠤ᠂ ᠡᠷᠬᠢᠨ ᠲᠣᠭᠤᠷᠢᠨ ᠤ ᠭᠠᠵᠠᠷ ᠣᠷᠣᠨ ᠲᠠᠢ ᠥᠪᠡᠰᠦᠪᠡᠨ ᠲᠡᠷᠭᠡ ᠵᠢᠯᠣᠭᠤᠳᠴᠤ | ᠵᠢᠭᠤᠯᠴᠢᠯᠠᠬᠤ᠂ ᠰᠡᠯᠡᠬᠦᠴᠡᠯ ᠵᠢᠭᠤᠯᠴᠢᠯᠠᠯ ᠂ ᠡᠷᠡᠭᠦᠯᠵᠢᠯ ᠤᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ | ᠢᠳᠡᠪᠬᠢᠲᠡᠶ ᠬᠠᠮᠵᠢᠯᠴᠠᠨ ᠲᠥᠰᠦᠪᠯᠡᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠦᠵᠡᠮᠵᠢ ᠶᠢᠨ ᠴᠡᠭ᠂ ᠬᠢᠯᠠᠰ ᠴᠡᠭ᠂ ᠬᠤᠳᠠᠯᠳᠤᠭᠠᠨ ᠤ ᠴᠡᠭ ᠢ ᠨᠠᠩ | ᠣᠯᠠᠨ ᠪᠣᠶ ᠪᠣᠯᠭᠠᠵᠤ᠂ ᠤᠯᠤᠰ ᠤᠨ ᠪᠥᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠦᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠤᠪᠢᠰᠤᠯᠲᠠ ᠶᠢ ᠳᠠᠬᠢᠨ ᠴᠣᠭᠴᠠᠯᠠᠨ ᠪᠠᠶᠢᠭᠤᠯᠬᠤ ᠶᠢ ᠠᠬᠢᠭᠤᠯᠤᠨ᠎ᠠ᠃ ︽ᠨᠢᠭᠡ ᠠᠵᠤ ᠦᠢᠯᠡᠰ ᠢ ᠳᠠᠬᠢᠨ | ᠴᠣᠭᠴᠠᠯᠠᠬᠤ︾ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ | ᠨᠡᠷᠡᠲᠦ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ ᠶᠢ ᠳᠣᠪᠤᠶᠢᠯᠭᠠᠵᠤ᠂ ᠤᠯᠠᠭᠠᠨ ᠪᠦᠯᠦᠭᠯᠡᠯ ᠤᠨ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠶᠢᠨ ᠹᠧᠩ ᠶᠤᠸᠠᠨ ᠴᠠᠭᠠᠨ | ᠦᠳᠦᠳᠦ ᠲᠠᠬᠢᠶ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ᠂ ᠮᠧᠩ ᠲᠠᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠤᠤᠰ ᠲᠦᠮᠡᠨ︾ ᠠᠯᠠᠰᠢᠨ ᠦᠬᠡᠷ ᠰᠠᠭᠠᠯᠢ ᠶᠢᠨ ᠦᠨᠢᠶ᠎ᠡ᠂ 2.5 ᠳ᠋ᠦᠩᠰᠢᠭᠤᠷ ᠴᠠᠭᠠᠨ ᠥᠳᠥᠨ | ᠮᠢᠬᠠᠨ ᠲᠠᠬᠢᠶ᠎ᠠ᠂ ᠲᠦᠮᠡᠨ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠬᠡᠪᠴᠢᠶ᠎ᠡ ᠶᠢ ᠪᠣᠶ ᠪᠣᠯᠭᠠᠵᠤ᠂ ᠴᠢᠨᠠᠷ ᠰᠠᠶᠢᠲᠠᠶ ᠡᠭᠦᠯᠳᠡᠷ ᠤᠨ ᠡᠬᠢ ᠪᠠᠶᠠᠯᠢᠭ᠂ ᠲᠡᠷᠢᠭᠦᠨ ᠤ | ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ ᠲᠣᠰᠬᠤᠨ ᠤ ᠬᠠᠮᠲᠤ ᠶᠢᠨ ᠠᠵᠤ ᠠᠬᠤᠶ᠂ ᠮᠠᠯᠵᠢᠬᠤ ᠲᠠᠷᠢᠶᠠᠯᠠᠬᠤ ᠡᠷᠦᠬᠡ ᠳᠤ ᠲᠠᠷᠬᠠᠭᠠᠬᠤ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠡᠭᠦᠳᠦᠨ | ᠪᠠᠶᠢᠭᠤᠯᠤᠨ᠎ᠠ᠃ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠦᠨ᠂ ︽ᠮᠡᠩᠬᠡ︾ ᠨᠣᠯᠤᠤᠷ ᠤᠨ ᠢᠮᠠᠭᠠᠨ ᠤ ᠳᠠᠪᠠᠭᠤᠯᠢᠭ ᠠᠵᠤ ᠦᠢᠯᠡᠰ ᠤᠨ ᠪᠦᠯᠦᠭᠯᠡᠯ | ᠪᠣᠯᠤᠨ ᠰᠢᠨ᠎ᠡ ᠡᠭᠦᠯᠳᠡᠷ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠭᠠᠭ᠋ᠠᠶ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠ ᠵᠢᠵᠢᠭ ᠬᠤᠯᠢᠮᠠᠭ ᠠᠮᠤ | ᠲᠠᠷᠢᠬᠤ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ | ᠲᠤ ᠪᠤᠯᠪᠠᠰᠤᠷᠠᠭᠤᠯᠤᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰᠴᠢᠯᠡᠯᠲᠡ ᠶᠢᠨ ᠬᠤᠯᠪᠣᠭᠠᠲᠤ ᠴᠣᠭᠴᠠ᠂ ᠭᠤᠣᠯᠳᠠᠯᠭ᠎ᠠ ᠲᠠᠢ ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ 6 ᠠᠴᠠ ᠳᠡᠭᠡᠭᠰᠢ ᠨᠡᠮᠡᠭᠳᠡᠬᠦᠯᠦᠨ᠎ᠡ᠃ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠷᠣᠯᠠᠭᠤᠯᠬᠤ | ᠠᠷᠭ᠎ᠠ ᠵᠠᠮ ᠢ ᠥᠷᠭᠡᠳᠬᠡᠨ᠂ ᠲᠣᠰ ᠭᠠᠵᠠᠷ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠵᠤ ᠳᠡᠶᠢᠯᠬᠦ ᠪᠠ ᠰᠠᠶᠢᠨ | ᠬᠤᠳᠠᠯᠳᠤᠨ᠎ᠠ᠃ | ︵ᠭᠤᠷᠪᠠ︶ ᠲᠡᠷᠢᠭᠦᠨ ᠵᠡᠷᠭᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠬᠦᠭᠵᠢᠬᠦᠯᠦᠯᠲᠡ ᠶᠢᠨ ᠬᠠᠷᠢᠴᠠᠭᠤᠯᠤᠯ ᠤᠨ ᠳᠠᠪᠠᠭᠤᠯᠢᠭ ᠢᠶᠠᠨ ᠦᠷᠭᠦᠯᠵᠢᠯᠡᠨ | ᠪᠠᠳᠠᠷᠠᠭᠤᠯᠤᠨ᠎ᠠ᠃ ᠵᠠᠬ᠎ᠠ ᠳᠡᠯᠭᠡᠭᠦᠷ ᠤᠨ ᠦᠨᠡᠯᠡᠯᠲᠡ ᠪᠠᠷ ᠲᠡᠷᠢᠬᠦᠨ ᠤ ᠦᠨᠡᠯᠡᠯᠲᠡ ᠪᠣᠯᠭᠠᠵᠤ᠂ ᠠᠵᠤ ᠠᠬᠤᠶᠢᠯᠠᠯ ᠢ ᠢᠯᠡᠬᠦᠬᠡᠨ ᠪᠤᠳᠤᠯᠬᠢᠯᠠᠬᠤ᠂ ᠪᠠᠯᠠ | ᠣᠷᠣᠭᠤᠯᠤᠯᠲᠠ᠂ ᠰᠢᠨ᠎ᠡ ᠡᠬᠦᠳᠦᠯᠳᠡ᠂ ᠮᠡᠷᠭᠡᠵᠢᠯᠳᠡᠨ ᠴᠢᠳᠠᠪᠤᠷᠢᠳᠠᠨ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠡᠵᠡᠨ | ᠬᠤᠷᠤᠭ᠎ᠠ ᠶᠢ ᠪᠠᠯᠠ ᠣᠷᠣᠭᠤᠯᠤᠯᠲᠠ ᠬᠢᠬᠦ ᠪᠠ ᠠᠵᠤ ᠦᠢᠯᠡᠰ ᠢ ᠬᠥᠭᠵᠢᠭᠦᠯᠬᠦ ᠵᠤᠬᠢᠰᠳᠠᠢ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ | ᠲᠥᠷᠥᠯ ᠵᠦᠢᠯ ᠤᠨ ᠦᠢᠯᠡᠴᠢᠯᠡᠭᠡ ᠶᠢ ᠰᠠᠶᠢᠲᠤᠷ ᠠᠳᠬᠤᠨ᠎ᠠ᠃ ︽ᠲᠥᠷᠦᠯ ᠵᠦᠢᠯ ᠢᠶᠠᠷ ᠭᠤᠣᠯ ᠪᠣᠯᠭᠠᠬᠤ︾ ᠣᠢᠯᠠᠭᠠᠭᠳᠠᠬᠤᠨ ᠢ ᠪᠠᠲᠤᠵᠢᠭᠤᠯᠵᠦ᠂ | ᠲᠥᠷᠦᠯ ᠵᠦᠢᠯ ᠢᠶᠠᠷ ᠭᠤᠣᠯᠳᠠᠭᠤᠯᠵᠤ᠂ ᠬᠤᠲᠠ ᠠᠴᠠ ᠲᠤᠬᠢᠷᠠᠭᠤᠯᠵᠤ ᠪᠠᠶᠢᠬᠤ 60 ᠴᠢᠬᠤᠯᠠ ᠶᠡᠭᠡ ᠲᠥᠷᠦᠯ ᠵᠦᠢᠯ ᠢ ᠬᠡᠷᠡᠭᠵᠢᠬᠦᠯᠵᠦ᠂ 260 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠢ 40 % ᠠᠴᠠ ᠳᠡᠭᠡᠭᠰᠢ ᠳᠤ | ᠬᠦᠷᠭᠡᠵᠦ᠂ ᠠᠵᠤ ᠦᠢᠯᠡᠳᠪᠦᠷᠢ ᠶᠢᠨ ᠲᠥᠷᠦᠯ ᠵᠦᠢᠯ 22 ᠢ ᠨᠡᠮᠡᠵᠦ ᠦᠷᠭᠡᠳᠭᠡᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ | ᠲᠦᠷᠭᠡᠳᠭᠡᠬᠦ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠵᠦ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠤᠳᠤᠷᠢᠳᠬᠤ ᠪᠠᠭ ᠤᠨ | ᠲᠤᠰᠬᠠᠶ ᠬᠥᠮᠦᠨ ᠬᠠᠷᠢᠭᠤᠴᠠᠬᠤ᠂ ︽ᠳᠥᠷᠪᠡᠨ ᠬᠦᠲᠦᠴᠢ ᠵᠢᠷᠤᠭ︾ ᠤᠨ ᠳᠠᠭᠠᠵᠦ ᠠᠵᠢᠯᠯᠠᠬᠤ ᠠᠵᠢᠯ ᠤᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠭᠡᠯ ᠢ 4 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ | ᠬᠦᠢᠴᠡᠳᠭᠡᠵᠦ ᠳᠠᠭᠤᠰᠬᠠᠨ᠂ ᠬᠠᠪᠤᠷ ᠪᠥᠬᠦ ᠲᠠᠯ᠎ᠠ ᠪᠠᠷ ᠠᠵᠢᠯ ᠡᠬᠢᠯᠡᠭᠦᠯᠦᠨ᠎ᠡ᠃ ︽ᠪᠠᠷᠢᠮᠵᠢᠶᠠᠲᠤ ᠭᠠᠵᠠᠷ + ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ | ᠪᠠᠶᠢᠰᠢᠩ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ 5000 ᠮᠥ᠂ | ᠰᠢᠨ᠎ᠡ ᠡᠨᠧᠷᠭᠢ ᠶᠢᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ 5 ᠲᠦᠮᠡᠨ ᠮᠥ ᠶᠢ ᠰᠢᠨ᠎ᠡ ᠪᠠᠷ ᠪᠦᠲᠦᠭᠡᠨ ᠪᠠᠶᠢᠭᠤᠯᠵᠤ᠂ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠬᠡᠷ ᠪᠠᠶᠢᠰᠢᠩ ᠢ 60 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠵᠤ᠂ ︽ᠭᠠᠵᠠᠷ ᠠᠪᠤᠪᠠᠯ ᠠᠵᠢᠯ ᠢᠶᠠᠨ ᠡᠬᠢᠯᠡᠭᠦᠯᠬᠦ︾ ᠶᠢ | ᠪᠠᠶᠢᠩᠭᠤᠵᠢᠭᠤᠯᠤᠨ ᠬᠦᠢᠴᠡᠳᠬᠡᠬᠦᠯᠦᠨ᠎ᠡ᠃ ︽ᠬᠡᠯᠬᠢᠶᠡᠨ ᠳᠠᠷᠤᠭ᠎ᠠ ᠶᠢᠨ ᠲᠦᠷᠢᠮ︾ ᠤᠨ ᠬᠤᠳᠠᠯᠳᠤᠭᠠᠴᠢᠨ ᠤᠷᠢᠬᠤ ᠲᠣᠭᠲᠠᠴᠠ ᠶᠢ ᠭᠦᠨᠵᠡᠭᠡᠶᠢᠷᠡᠭᠦᠯᠵᠦ᠂ | ᠰᠠᠭᠤᠷᠢᠰᠢᠨ ᠠᠵᠢᠯᠯᠠᠬᠤ ᠴᠡᠭ ᠤᠨ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ᠂ ᠪᠥᠬᠦ ᠠᠷᠠᠳ ᠤᠨ ᠬᠡᠪᠴᠢᠶ᠎ᠡ ᠳᠤ᠂ ᠪᠥᠬᠦ | ᠤᠷᠤᠨ ᠪᠦᠰᠡ ᠶᠢᠨ ᠬᠡᠪᠴᠢᠶ᠎ᠡ ᠳᠤ᠂ ᠪᠥᠬᠦ ᠵᠢᠯ ᠢᠶᠠᠷ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ 50 ᠲᠥᠷᠥᠯ ᠵᠦᠢᠯ ᠢ ᠣᠷᠣᠭᠤᠯᠤᠨ ᠠᠪᠴᠢᠷᠠᠵᠤ᠂ | 115 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠮᠥᠩᠭᠦ ᠶᠢ ᠪᠠᠶᠢᠷᠢᠯᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠢ ᠬᠦᠭᠵᠢᠬᠦᠯᠬᠦ ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠳᠤ ᠲᠦᠰᠢᠭᠯᠡᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠪᠥᠬᠦ ᠨᠡᠶᠢᠭᠡᠮ ᠤᠨ ᠬᠡᠪᠴᠢᠶᠡᠨ ᠳᠤ ᠨᠡᠭᠡᠭᠡᠨ ᠰᠤᠳᠤᠯᠤᠯᠲᠠ ᠬᠢᠬᠦ ᠳᠤ ᠪᠡᠯᠡ ᠤᠷᠤᠭᠤᠯᠬᠤ ᠶᠢ ᠳᠠᠶᠢᠴᠢᠯᠠᠵᠦ᠂ ᠰᠤᠳᠤᠯᠤᠨ | ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ 25% ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠳᠤ ᠬᠦᠴᠦ ᠪᠠᠨ | ᠲᠥᠪᠯᠡᠷᠡᠭᠦᠯᠦᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠴᠢᠳᠠᠪᠤᠷᠢᠲᠠᠨ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ | ᠡᠭᠦᠳᠬᠦ ᠬᠤᠲᠠ᠂ ᠣᠰᠣᠨ ᠡᠷᠬᠢ ᠶᠢᠨ ᠰᠢᠨ᠎ᠡ ᠬᠤᠲᠠ ᠶᠢᠨ ᠰᠢᠨᠵᠢᠯᠡᠭᠡ ᠮᠡᠷᠬᠡᠵᠢᠯ ᠢ ᠳᠡᠯᠭᠡᠷᠡᠬᠦᠯᠦᠨ ᠪᠤᠶᠢᠵᠢᠭᠤᠯᠬᠤ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ | ᠠᠬᠤᠶᠢᠯᠠᠯ ᠢ 13 ᠰᠢᠨ᠎ᠡ ᠪᠠᠷ ᠪᠤᠵᠠᠭᠠᠶᠢᠷᠠᠭᠤᠯᠵᠤ᠂ ︽ᠭᠤᠷᠪᠠ ᠶᠢ ᠦᠭᠡᠶᠢᠰᠬᠡᠬᠦ︾ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ 21 ᠰᠢᠨ᠎ᠡ ᠪᠠᠷ ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠯᠦᠩ ᠵᠢᠶ ᠰᠢᠨ᠎ᠡ ᠡᠨᠧᠷᠭᠢ᠂ ᠵᠢᠶᠦ᠋ᠨ ᠵᠧᠩ ᠠᠮᠢᠳᠤ ᠪᠣᠳᠠᠰ ᠤᠨ ᠡᠮ ᠦᠢᠯᠡᠳᠬᠦ ᠪᠠ ᠠᠮᠢ ᠨᠠᠰᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ | ᠰᠤᠳᠤᠯᠤᠨ ᠨᠡᠭᠡᠭᠡᠬᠦ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨ᠎ᠡ ᠬᠡᠯᠪᠡᠷᠢ ᠶᠢᠨ ᠪᠣᠬᠢᠷᠲᠤᠯ ᠥᠬᠡᠶ ᠴᠠᠬᠢᠯᠭᠠᠨ ᠤ ᠰᠢᠰᠲ᠋ᠧᠮ᠂ | ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠳᠤ ᠠᠩᠬᠠᠷᠤᠯ ᠲᠥᠪᠯᠡᠷᠡᠭᠦᠯᠦᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠵᠠᠷᠯᠠᠯ ᠨᠡᠶᠢᠳᠡᠯᠡᠵᠦ ᠬᠤᠰᠢᠭᠤᠷᠠᠨ ᠠᠵᠢᠯᠯᠠᠬᠤ︾᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠵᠡᠷᠭᠡ | ᠲᠦᠷᠦᠯ ᠵᠦᠢᠯ ᠢ 30 ᠠᠴᠠ ᠳᠡᠭᠡᠭᠰᠢ ᠡᠷᠡᠮᠡᠯᠵᠡᠯᠡᠨ ᠭᠤᠶᠤᠴᠢᠯᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠠᠷᠭᠠᠵᠤ᠂ | ᠣᠷᠣᠨ ᠪᠦᠰᠡ ᠶᠢᠨ ︽ᠬᠤᠤᠰ ᠨᠡᠭᠦᠷᠡᠰᠦᠳᠦ᠋ᠷᠦᠭᠴᠢ︾ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠡᠬᠦᠰᠦᠯ ᠤᠨ ᠭᠠᠵᠠᠷ ᠢ ᠪᠠᠶᠢᠭᠤᠯᠤᠨ᠎ᠠ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠎ᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠰᠤᠷᠭᠠᠨ ᠬᠥᠮᠦᠵᠢᠯ ᠡᠮᠴᠢᠯᠡᠭᠡ ᠵᠡᠷᠭᠡ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠲᠥᠪᠯᠡᠷᠡᠭᠦᠯᠵᠦ᠂ ᠰᠢᠪᠲᠤᠯᠤᠯᠲᠠ ᠶᠢᠨ ᠴᠢᠨᠠᠷᠲᠠᠶ᠂ | ᠬᠠᠨᠳᠤᠯᠭᠠᠲᠤ ᠴᠢᠨᠠᠷᠲᠠᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠯ᠎ᠡ ᠲᠥᠷᠥᠯ ᠤᠨ ᠪᠠᠴᠢᠮ ᠱᠠᠭᠠᠷᠳᠠᠭᠳᠠᠵᠤ ᠪᠠᠶᠢᠭ᠎ᠠ ᠬᠤᠪᠣᠷ ᠴᠤᠬᠠᠭ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠨ᠎ᠡ᠃ ᠠᠵᠤ ᠠᠬᠤᠶᠢᠯᠠᠯ ᠤᠨ ︽ᠠᠵᠢᠯᠴᠢᠨ ᠬᠡᠷᠡᠭᠯᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ | ᠣᠯᠠᠨ ᠠᠷᠭ᠎ᠠ ᠵᠠᠮ ᠢᠶᠠᠷ ᠰᠢᠢᠳᠪᠦᠷᠢᠯᠡᠵᠦ᠂ ᠬᠦᠰᠡᠯ ᠡᠨᠧᠷᠭᠢ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠤᠯᠭᠠᠬᠤ ᠶᠢ ᠡᠷᠡᠮᠡᠯᠵᠡᠯᠡᠬᠦ ᠵᠦᠪᠰᠢᠶᠡᠷᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠬᠤᠲᠠ ᠶᠢᠨ | ᠰᠢᠭᠤᠳ ᠬᠠᠷᠢᠶ᠎ᠠ ᠶᠢᠨ ︽ᠨᠢᠭᠡ ᠵᠢᠩᠬᠢᠨᠢ ᠠᠩᠭᠢ ᠭᠤᠷᠪᠠᠨ ᠲᠤᠰᠬᠠᠶ ᠮᠡᠷᠭᠡᠵᠢᠯ ᠤᠨ ᠠᠩᠬᠢ︾ ᠶᠢᠨ ᠶᠡᠭᠡ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠬᠤ | ᠲᠣᠭᠲᠠᠴᠠ ᠶᠢ ᠪᠠᠶᠢᠭᠤᠯᠤᠨ᠂ ︽ᠵᠠᠬᠢᠶᠠᠯᠠᠭ᠎ᠠ ᠶᠢᠨ ᠮᠠᠶ᠋ᠢᠭ︾ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠰᠦᠪᠡᠭᠴᠢᠯᠡᠵᠦ᠂ ᠰᠢᠭᠤᠳ ᠨᠡᠪᠲᠡᠷᠡᠭᠦᠯᠭᠡ ᠪᠠᠷ | ᠠᠵᠢᠯ ᠤᠨ ᠪᠠᠶᠢᠷᠢ ᠬᠠᠩᠭᠠᠬᠤ᠂ ᠰᠦᠯᠵᠢᠶ᠎ᠡ ᠪᠠᠷ ᠲᠠᠮᠵᠢᠨ ᠠᠵᠢᠯᠲᠠᠨ ᠡᠯᠰᠡᠬᠦ ᠵᠡᠷᠭᠡ ᠰᠢᠷᠢᠰ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ 1 ᠲᠦᠮᠡ ᠢᠯᠡᠬᠦᠦ | ᠤᠶᠤᠳᠠᠨ ᠢ ᠰᠢᠨ᠎ᠡ ᠪᠠᠷ ᠣᠷᠣᠭᠤᠯᠤᠨ ᠠᠪᠴᠢᠷᠠᠨ᠎ᠠ᠃ ᠴᠢᠳᠠᠪᠤᠷᠢᠲᠠᠨ ᠤ ᠦᠢᠯᠡᠴᠢᠯᠡᠭᠡ ᠶᠢ ᠴᠢᠩᠭᠠᠳᠬᠠᠵᠤ᠂ ᠬᠤᠲᠠ ᠶᠢᠨ ᠴᠢᠳᠠᠪᠤᠷᠢᠲᠠᠨ ᠰᠢᠨᠵᠢᠯᠡᠭᠡ ᠮᠡᠷᠭᠡᠵᠢᠯ | ᠢᠶᠠᠷ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠳᠤ ᠪᠦᠬᠦ ᠲᠠᠯ᠎ᠠ ᠶᠢᠨ ᠪᠠᠲᠤᠯᠠᠭ᠎ᠠ ᠬᠠᠩᠭᠠᠵᠦ᠂ 2000 ᠭᠠᠷᠤᠢ ᠴᠢᠳᠠᠪᠤᠷᠢᠲᠠᠨ ᠤ ᠨᠡᠶᠢᠲᠡ ᠶᠢᠨ | ᠣᠷᠣᠨ ᠰᠠᠭᠤᠴᠠ ᠶᠢ ᠰᠢᠨ᠎ᠡ ᠪᠠᠷ ᠬᠠᠩᠭᠠᠵᠤ᠂ ᠤᠷᠢᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠨ ᠬᠦᠮᠦᠵᠢᠯ᠂ ᠨᠡᠶᠢᠬᠡᠮ ᠤᠨ ᠪᠠᠳᠤᠯᠠᠭ᠎ᠠ | ᠵᠡᠷᠭᠡ ᠪᠤᠳᠠᠳᠠᠢ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠡᠯ᠎ᠡ ᠲᠥᠷᠥᠯ ᠤᠨ ᠴᠢᠳᠠᠪᠤᠷᠢᠲᠠᠨ ᠡᠵᠡᠨ ᠬᠤᠷᠤᠭ᠎ᠠ ᠳᠤ ᠰᠡᠳᠬᠢᠯ ᠠᠮᠤᠷ ᠨᠤᠲᠤᠭᠰᠢᠨ ᠰᠠᠭᠤᠵᠤ᠂ | ᠡᠵᠡᠨ ᠬᠤᠷᠤᠭ᠎ᠠ ᠲᠠᠢ ᠬᠠᠮᠲᠤ ᠦᠰᠦᠨ ᠪᠤᠶᠢᠵᠢᠵᠤ᠂ ᠬᠦᠰᠡᠯ ᠵᠡᠭᠦᠳᠦ ᠪᠠᠨ ᠬᠠᠮᠲᠤ ᠪᠠᠷ ᠪᠡᠶᠡᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠶᠢ ᠪᠠᠶᠢᠭᠤᠯᠵᠤ᠂ ︽ᠨᠢᠭᠡ ᠯᠡ ᠲᠠᠮᠠᠭ᠎ᠠ ᠪᠠᠷ | ᠬᠢᠨᠠᠨ ᠵᠦᠪᠰᠢᠶᠡᠷᠡᠯᠳᠡ ᠶᠢ ᠬᠠᠮᠢᠶᠠᠷᠬᠤ︾ ᠶᠢ ᠪᠡᠶᠡᠯᠡᠭᠦᠯᠦᠨ᠎ᠡ᠃ ︽ᠲᠦᠷᠪᠡ ᠶᠢ ᠬᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠡᠯᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠦᠬᠦᠮᠴᠢᠯᠡᠬᠦ ᠠᠵᠢᠯᠯᠠᠭ᠎ᠠ ᠶᠢ ᠬᠡᠷᠡᠭᠵᠢᠭᠦᠯᠦᠨ᠂ 80 % ᠠᠴᠠ ᠳᠡᠭᠡᠭᠰᠢᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠪᠡᠶᠡᠯᠡᠭᠦᠯᠦᠨ᠎ᠡ᠃ ︽ᠵᠠᠷᠭᠤ ᠶᠢ ᠬᠦᠯᠢᠶᠡᠨ ᠠᠪᠤᠪᠠᠯ | ᠳᠠᠷᠤᠢ ᠳᠤᠨᠢ ᠰᠢᠢᠳᠪᠦᠷᠢᠯᠡᠬᠦ︾ ᠶᠢᠨ ᠬᠠᠷᠢᠭᠤ ᠳᠤᠰᠬᠠᠯ ᠤᠨ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠠᠷᠠᠳ ᠣᠯᠠᠨ ᠤ ᠤᠴᠢᠷ ᠶᠠᠪᠤᠳᠠᠯ ᠢ ᠳᠠᠷᠦ᠋ᠢᠬᠠᠨ ᠰᠢᠢᠳᠪᠤᠷᠢᠯᠡᠵᠦ ᠰᠠᠶᠢᠲᠤᠷ ᠰᠢᠢᠳᠪᠤᠷᠢᠯᠡᠨ᠎ᠡ᠃ ᠠᠵᠤ ᠠᠬᠤᠶᠢᠯᠠᠯ ᠲᠠᠢ ᠬᠤᠯᠪᠣᠭᠳᠠᠭᠰᠠᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠣᠩᠭᠤᠯᠲᠠ ᠶᠢᠨ ᠴᠢᠨᠠᠷᠲᠠᠶ ᠪᠠᠷ ᠬᠠᠤᠯᠢ ᠬᠡᠷᠡᠭᠵᠢᠭᠦᠯᠬᠦ᠂ | ᠳᠠᠪᠬᠤᠷᠳᠠᠭᠤᠯᠤᠨ ᠪᠠᠶᠢᠴᠠᠭᠠᠬᠤ ᠵᠡᠷᠭᠡ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ | ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠡᠷᠡᠭᠦᠯ ᠪᠥᠭᠡᠳ ᠡᠮᠬᠢ ᠵᠢᠷᠤᠮ ᠲᠠᠢ᠂ ᠠᠭᠤᠵᠢᠭᠤ ᠪᠥᠭᠡᠳ ᠵᠣᠬᠢᠰᠲᠠᠶ ᠬᠥᠭᠵᠢᠯᠲᠡ ᠶᠢᠨ ᠣᠷᠴᠢᠨ ᠨᠥᠬᠦᠴᠡᠯ ᠢ | ᠬᠠᠩᠭᠠᠨ᠎ᠠ᠃ ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠲᠠᠢ ᠪᠠᠶᠢᠵᠤ ᠠᠮᠠᠯᠠᠭᠰᠠᠨ ᠢᠶᠠᠨ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠪᠤᠯᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠱᠠᠭᠠᠷᠳᠠᠯᠭ᠎ᠠ ᠶᠣᠰᠣᠭᠠᠷ ᠪᠦᠬᠦᠨ ᠢ ᠢᠯᠭᠠᠷᠠᠭᠤᠯᠤᠨ ᠪᠤᠳᠤᠵᠦ᠂ | 50 ᠲᠦᠮᠡᠨ ᠲᠥᠭᠦᠷᠢᠭ ᠠᠴᠠ ᠳᠣᠭᠤᠭᠰᠢᠬᠢ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦᠨ ᠢ ᠳᠥᠯᠥᠵᠦ ᠳᠠᠭᠤᠰᠬᠠᠨ᠎ᠠ᠃ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠲᠡᠭᠡᠯ ᠢ ᠪᠥᠬᠦ ᠲᠠᠯ᠎ᠠ ᠪᠠᠷ ᠴᠢᠩᠭᠠᠳᠬᠠᠵᠤ᠂ ︽ | ᠬᠡᠯᠲᠦᠷᠢᠭᠦᠯᠬᠦ ᠪᠠᠭᠤᠷᠠᠭᠤᠯᠬᠤ ᠬᠤᠶᠢᠰᠢᠯᠠᠭᠤᠯᠬᠤ ᠨᠥᠬᠦᠪᠥᠷᠢᠯᠡᠬᠦ︾ ᠠᠯᠢ ᠣᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠶᠢᠳᠡᠮ | ᠬᠠᠷᠠᠭᠠᠯᠵᠠᠬᠤ ᠮᠥᠩᠭᠦᠨ ᠬᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠡᠳ᠋ ᠤᠨ ᠵᠠᠰᠠᠭ ᠠᠴᠠ ᠬᠦᠦ ᠮᠦᠩᠭᠦ ᠶᠢ ᠨᠢ ᠤᠷᠤᠯᠠᠨ ᠦᠭᠬᠦ ᠵᠢᠴᠢ ᠵᠠᠰᠠᠭ ᠤᠨ | ᠣᠷᠳᠣᠨ ᠤ ᠴᠢᠨᠠᠷᠲᠠᠶ ᠪᠠᠯᠠ ᠬᠤᠷᠠᠮᠳᠤᠭᠤᠯᠭ᠎ᠠ ᠶᠢᠨ ᠪᠠᠳᠤᠯᠠᠭ᠎ᠠ ᠶᠢ ᠨᠡᠮᠡᠭᠳᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠪᠠ ᠢᠲᠡᠭᠡᠮᠵᠢᠲᠦ | ᠵᠢᠭᠡᠯᠡᠯᠭᠡ ᠶᠢᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠡᠳᠡᠨ ᠣᠷᠣᠭᠤᠯᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢ 5000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠤᠷᠤᠨ ᠨᠤᠳᠤᠭ ᠤᠨ ᠠᠵᠤ ᠠᠬᠤᠶᠢᠯᠠᠯ ᠳᠤ ᠰᠢᠨ᠎ᠡ ᠪᠠᠷ ᠪᠤᠢ ᠪᠣᠯᠤᠭᠰᠠᠨ ᠠᠵᠤ | ᠦᠢᠯᠡᠰ ᠤᠨ ᠬᠠᠮᠳᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠤᠷᠤᠨ ᠨᠤᠳᠤᠭ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠵᠦ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠠᠳᠠᠯᠢ ᠪᠠᠷ ᠬᠦᠷᠲᠡᠭᠡᠨ᠎ᠡ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯᠯᠠᠭ᠎ᠠ ᠶᠢ ᠥᠷᠨᠢᠭᠦᠯᠵᠦ᠂ | ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠰᠢᠨ᠎ᠡ | ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠬᠤ ᠶᠢ ᠳᠠᠮᠵᠢᠵᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠬᠦᠴᠦᠷᠬᠡᠭᠵᠢᠨ ᠬᠦᠭᠵᠢᠬᠦ᠂ ᠠᠰᠢᠭ ᠤᠷᠤᠯᠭ᠎ᠠ ᠶᠢᠨ ᠶᠡᠷᠦᠩᠬᠡᠢ ᠲᠤᠭ᠎ᠠ ᠶᠢ ᠳᠠᠬᠢᠨ ᠢᠶᠠᠷ ᠨᠡᠮᠡᠭᠳᠡᠭᠦᠯᠬᠦ ᠶᠢ ᠠᠬᠢᠭᠤᠯᠵᠤ᠂ ︽ᠮᠢᠩᠭᠠᠨ ᠳ᠋ᠦᠩᠰᠢᠭᠤᠷ ᠤᠨ ᠡᠳ᠋ | ᠬᠥᠷᠥᠩᠭᠡ᠂ ᠵᠠᠭᠤᠨ ᠳ᠋ᠦᠩᠰᠢᠭᠤᠷ ᠤᠨ ᠡᠵᠡᠩᠨᠡᠯᠲᠡ ᠶᠢᠨ ᠣᠷᠣᠯᠭ᠎ᠠ᠂ ᠳ᠋ᠦᠩᠰᠢᠭᠤᠷ ᠠᠴᠠ ᠳᠡᠭᠡᠭᠰᠢᠬᠢ ᠠᠰᠢᠭ ᠭᠠᠶᠢᠯᠢ︾ ᠶᠢᠨ ᠤᠯᠤᠰ ᠤᠨ ᠦᠮᠴᠢᠯᠡᠯᠳᠦ ᠠᠵᠤ | ᠠᠬᠤᠶᠢᠯᠠᠯ ᠤᠨ ᠬᠡᠪᠴᠢᠶᠡᠵᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠰᠢᠶᠠᠨ ᠤ ᠲᠡᠰ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠦᠯᠢᠭᠡᠷ ᠵᠢᠱᠢᠶ᠎ᠡ ᠶᠢ ᠪᠤᠢ ᠪᠣᠯᠭᠠᠨ᠎ᠠ᠃ | ︵ᠳᠥᠷᠪᠡ︶ ᠰᠢᠰᠲ᠋ᠧᠮ ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ | ᠴᠢᠩᠭᠠᠳᠬᠠᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ | ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠭᠦᠷᠡᠰᠦᠲᠥ᠋ᠷᠥᠭᠴᠢ ᠶᠢ | ᠪᠠᠭᠠᠰᠬᠠᠬᠤ᠂ ᠠᠷᠪᠢᠯᠠᠨ ᠭᠠᠮᠨᠠᠬᠤ ᠶᠢ ᠬᠠᠮᠵᠢᠯᠴᠠᠭᠤᠯᠤᠨ ᠠᠬᠢᠭᠤᠯᠵᠤ᠂ ᠤᠯᠤᠰ ᠤᠨ ᠠᠮᠢ ᠠᠬᠤᠢ ᠶᠢᠨ ᠵᠠᠰᠠᠯᠲᠠ ᠶᠢᠨ ᠨᠡᠶᠢᠲᠡᠯᠢᠭ ᠵᠢᠱᠢᠶ᠎ᠡ ᠶᠢ ᠪᠠᠶᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠡᠭᠡᠳᠦ ᠱᠠᠲᠤᠨ ᠤ ᠪᠠᠭᠤᠯᠭᠠᠭᠰᠠᠨ | ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠤᠯᠠᠭᠠᠨᠮᠦ᠋ᠷᠡᠨ ᠭᠤᠤᠯ ᠤᠨ ᠡᠷᠭᠢ ᠳᠠᠭᠠᠤ ᠶᠢᠨ ᠵᠠᠰᠠᠯᠲᠠ ᠪᠠ ᠲᠡᠮᠡᠭᠡᠨ ᠬᠠᠳᠠᠨ ᠴᠠᠭᠠᠨᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠢᠨᠵᠧᠨᠧᠷᠢᠩ ᠢ ᠬᠡᠷᠡᠭᠵᠢᠬᠦᠯᠦᠨ᠂ ᠵᠡᠬᠦᠨ ᠪᠠᠷᠠᠭᠤᠨ ᠤᠯᠠᠭᠠᠨᠨᠠᠭᠤᠷ ᠤᠨ ᠤᠰᠤᠨ ᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠯᠳᠠᠨᠰᠢᠷᠡᠭᠡ ᠪᠠᠯᠭᠠᠰᠤᠨ ᠤ ᠪᠤᠵᠠᠷ | ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠭᠠᠵᠠᠷ ᠤᠨ ᠭᠠᠳᠠᠷᠭᠤ ᠶᠢᠨ ᠤᠰᠤ ᠶᠢ ᠰᠢᠯᠭᠠᠨ | ᠬᠢᠨᠠᠬᠤ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ ᠪᠤᠬᠢᠷᠳᠤᠯ ᠴᠠᠭ ᠠᠭᠤᠷ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠳᠡᠭᠳᠡᠮᠡᠬᠡᠶ ᠴᠢᠨᠠᠷᠲᠠᠶ | ᠣᠷᠭᠠᠨᠢᠭ ᠨᠢᠭᠡᠳᠪᠦᠷᠢ ᠶᠢᠨ ᠵᠠᠰᠠᠯᠲᠠ ᠶᠢ ᠠᠬᠢᠭᠤᠯᠵᠤ᠂ ᠨᠡᠭᠦᠷᠡᠰᠦ ᠤᠬᠢᠶᠠᠵᠤ ᠰᠢᠯᠢᠬᠦ ᠲᠠᠯᠠᠪᠠᠶ᠂ ᠨᠡᠭᠦᠷᠡᠰᠦ ᠲᠡᠭᠡᠭᠡᠪᠦᠷᠢᠯᠡᠬᠦ ᠵᠠᠮ ᠤᠨ ᠲᠤᠰᠬᠠᠶ ᠴᠡᠭᠴᠡᠯᠡᠨ | ᠵᠠᠰᠠᠯᠲᠠ ᠶᠢ ᠴᠢᠩᠭᠠᠳᠬᠠᠵᠤ᠂ ᠠᠭᠠᠷ ᠤᠨ ᠴᠡᠪᠡᠷᠴᠡ ᠶᠢᠨ ᠨᠣᠷᠮ᠎ᠠ ᠶᠢ ᠦᠷᠭᠦᠯᠵᠢᠯᠡᠨ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠪᠠᠶᠢᠯᠭᠠᠬᠤ ᠶᠢ ᠪᠠᠲᠤᠯᠠᠨ᠎ᠠ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠴᠢᠩᠭᠠᠳᠬᠠᠵᠤ᠂ ᠨᠡᠭᠦᠷᠡᠰᠦᠨ ᠴᠢᠯᠠᠭᠤᠨ ᠵᠠᠮ ᠢ ᠪᠥᠭᠯᠡᠬᠦ ᠢᠨᠵᠧᠨᠧᠷᠢᠩ ᠢ ᠬᠡᠷᠡᠭᠵᠢᠭᠦᠯᠵᠦ᠂ | ᠤᠯᠠᠭᠠᠨᠮᠦ᠋ᠷᠡᠨ ᠤ ᠬᠤᠤᠷ ᠦᠬᠡᠶᠢᠳᠡᠬᠦᠯᠦᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠂ ᠬᠠᠳᠠᠭᠤ | ᠪᠡᠶᠡᠲᠤ ᠬᠠᠶᠠᠭᠳᠠᠮᠠᠯ ᠪᠤᠳᠠᠰ ᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠬᠦᠯᠵᠢᠯᠡᠨ ᠠᠬᠢᠭᠤᠯᠵᠦ᠂ ᠤᠯᠤᠰ ᠤᠨ ︽ᠬᠠᠶᠠᠭᠳᠠᠮᠠᠯ ᠪᠣᠳᠠᠰ | ᠦᠭᠡᠢ ᠬᠤᠲᠠ︾ ᠶᠢ ᠪᠦᠬᠦ ᠬᠦᠴᠦᠨ ᠢᠶᠠᠷ ᠡᠭᠦᠳᠦᠨ ᠪᠠᠶᠢᠭᠤᠯᠤᠨ᠎ᠠ᠃ | ᠠᠮᠢ ᠠᠬᠤᠶ ᠶᠢᠨ ᠳᠠᠪᠠᠭᠤᠯᠢᠭ ᠢ ᠦᠷᠭᠦᠯᠵᠢᠯᠡᠨ ᠪᠠᠬᠢᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠦᠷᠨᠢᠬᠦᠯᠦᠨ᠂ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠰᠡᠷᠭᠡᠶᠢᠯᠡᠵᠦ ᠵᠠᠰᠠᠬᠤ᠂ ᠣᠶ ᠰᠢᠭᠤᠶ ᠶᠢᠨ ᠶᠠᠰᠤ ᠴᠢᠨᠠᠷ ᠢ ᠨᠠᠷᠢᠯᠢᠭ | ᠣᠨᠣᠪᠴᠢᠲᠠᠶ ᠪᠠᠷ ᠳᠡᠭᠡᠭᠰᠢᠯᠡᠭᠦᠯᠬᠦ ᠵᠡᠷᠭᠡ ᠠᠮᠢ ᠠᠬᠤᠶ ᠶᠢᠨ ᠢᠨᠵᠧᠨᠧᠷᠢᠩ ᠢ 20 ᠲᠦᠮᠡᠨ ᠮᠥ ᠬᠡᠷᠡᠭᠵᠢᠭᠦᠯᠵᠦ᠂ ᠨᠡᠭᠦᠷᠡᠰᠦ ᠮᠠᠯᠲᠠᠭᠰᠠᠨ ᠠᠴᠠ ᠪᠣᠯᠵᠣ | ᠴᠦᠮᠦᠷᠡᠭᠰᠡᠨ ᠭᠠᠵᠠᠷ ᠢ ᠳᠠᠬᠢᠨ ᠬᠠᠭᠠᠯᠪᠤᠷᠢᠯᠠᠬᠤ ᠣᠷᠣᠨ ᠢ 4 . 5 ᠲᠦᠮᠡᠨ ᠮᠥ ᠵᠠᠰᠠᠵᠤ᠂ ᠪᠠᠶᠠᠨᠴᠠᠩᠬᠤᠭ ᠤᠨ ᠲᠠᠯ᠎ᠠ ᠨᠤᠲᠤᠭ ᠤᠨ ᠠᠮᠢ ᠠᠬᠤᠶ ᠶᠢᠨ | ᠰᠡᠷᠭᠦᠭᠡᠯᠲᠡ ᠶᠢ ᠠᠬᠢᠭᠤᠯᠵᠤ᠂ ᠣᠶ ᠰᠢᠭᠤᠶ ᠶᠢᠨ ᠬᠠᠳᠠᠭᠠᠯᠠᠭᠳᠠᠴᠠ ᠶᠢᠨ ᠬᠡᠮᠵᠢᠶ᠎ᠡ ᠪᠠ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ︽ᠠᠮᠢ ᠠᠬᠤᠶ ᠶᠢ ᠰᠡᠷᠭᠦᠭᠡᠬᠦ + ᠬᠡᠷᠡᠯ ᠴᠡᠨᠡᠭ + ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ︾ ᠶᠢᠨ ᠵᠠᠭᠪᠤᠷ ᠢ ᠶᠡᠬᠡᠪᠡᠷ | ᠳᠡᠯᠭᠡᠷᠡᠭᠦᠯᠵᠦ᠂ ᠲᠢᠶᠠᠨ ᠵᠢᠶᠤᠤ ᠯᠢᠤᠢ ᠨᠸᠡᠭ ᠤᠨ ᠡᠪᠡᠰᠦ ᠪᠡᠯᠴᠢᠭᠡᠷ ᠮᠠᠯ ᠠᠵᠤ ᠠᠬᠤᠢ ᠶᠢ ᠨᠢᠭᠡ ᠴᠤᠭᠴᠠᠵᠢᠭᠤᠯᠬᠤ᠂ ᠤᠯᠤᠰ ᠤᠨ ᠡᠨᠧᠷᠭᠢ ᠶᠢᠨ ᠪᠦᠯᠦᠭᠯᠡᠯ ᠤᠨ | ᠪᠤᠷᠤ ᠲᠡᠭᠡᠭ ᠨᠡᠬᠦᠷᠡᠰᠦᠨ ᠠᠭᠤᠷᠬᠠᠢ ᠶᠢᠨ ᠨᠡᠭᠦᠷᠡᠰᠦ ᠮᠠᠯᠲᠠᠭᠰᠠᠨ ᠠᠴᠠ ᠪᠣᠯᠵᠣ ᠴᠦᠮᠦᠷᠡᠭᠰᠡᠨ ᠣᠷᠣᠨ ᠤ ᠠᠮᠢ ᠠᠬᠤᠶ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠢᠴᠠᠷᠭᠠᠨ᠎ᠠ᠂ ᠰᠠᠷᠭᠠᠶ᠂ ᠣᠶ ᠶᠢᠨ ᠬᠤᠷᠮᠣᠶ ᠳᠤ ᠡᠮ ᠤᠨ ᠮᠠᠲ᠋ᠧᠷᠢᠶᠠᠯ | ᠳᠠᠷᠢᠬᠤ ᠵᠡᠷᠭᠡ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠠᠮᠢ ᠠᠬᠤᠶ ᠶᠢᠨ ᠡᠬᠢ ᠪᠠᠶᠠᠯᠢᠭ ᠢ ᠠᠵᠤ ᠠᠬᠤᠶ ᠶᠢᠨ ᠬᠥᠷᠥᠩᠭᠡ ᠪᠣᠯᠭᠠᠨ ᠬᠤᠪᠢᠷᠠᠭᠤᠯᠤᠨ᠂ | ᠤᠯᠤᠰ ᠤᠨ ᠳᠡᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠤᠨ ︽ᠠᠯᠳᠠᠨ ᠮᠦᠩᠭᠦᠨ ᠠᠭᠤᠯᠠ︾ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ | ᠳᠣᠣᠷ᠎ᠠ ᠨᠡᠭᠦᠷᠡᠰᠦᠲᠥ᠋ᠷᠥᠭᠴᠢᠲᠦ ᠡᠷᠴᠢᠮᠵᠢᠭᠦᠯᠦᠭᠰᠡᠨ ᠬᠥᠭᠵᠢᠯᠲᠡ ᠶᠢ ᠠᠬᠢᠭᠤᠯᠤᠨ᠎ᠠ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢ ᠠᠰᠢᠭᠯᠠᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ | ᠵᠡᠷᠭᠡ ᠬᠦᠷᠢᠶ᠎ᠡ ᠴᠠᠷᠠᠭ᠎ᠠ ᠳᠠᠬᠢ ᠪᠦᠷᠢᠯᠭᠡᠨ ᠰᠦᠢᠳᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠥᠬᠦ ᠲᠠᠯ᠎ᠠ ᠪᠠᠷ ᠠᠷᠪᠢᠯᠠᠨ ᠭᠠᠮᠨᠠᠬᠤ ᠶᠢ ᠠᠬᠢᠭᠤᠯᠤᠨ᠎ᠠ᠃ | ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠦᠨᠵᠡᠭᠡᠢ ᠦᠷᠨᠢᠬᠦᠯᠵᠦ᠂ ᠵᠦᠪᠰᠢᠶᠡᠷᠡᠭᠡᠳ ᠬᠠᠩᠭᠠᠭᠠᠳᠤᠶ᠂ ᠰᠤᠯᠠ ᠪᠠᠶᠢᠭ᠎ᠠ 7000 ᠮᠥ ᠭᠠᠵᠠᠷ | ᠰᠢᠷᠣᠶ ᠶᠢ ᠢᠯᠭᠠᠷᠠᠭᠤᠯᠤᠨ ᠰᠢᠢᠳᠪᠦᠷᠢᠯᠡᠵᠦ᠂ ᠦᠷ᠎ᠡ ᠠᠰᠢᠭ ᠢᠶᠠᠷ ᠪᠠᠷᠤᠭᠲᠠᠢ ᠬᠡᠷᠡᠭᠯᠡᠬᠦ ᠭᠠᠵᠠᠷ ᠢ 1100 ᠮᠥ ᠨᠡᠭᠡᠭᠡᠨ ᠠᠰᠢᠭᠯᠠᠬᠤ ᠶᠢ ᠪᠡᠶᠡᠯᠡᠭᠦᠯᠵᠦ᠂ ᠴᠢᠬᠤᠯᠠ | ᠶᠡᠭᠡ ᠲᠥᠷᠥᠯ ᠵᠦᠢᠯ ᠤᠨ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ᠃ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠴᠢᠬᠤᠯᠠᠴᠢᠯᠠᠨ᠂ ᠮᠦ | ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢᠶᠠᠷ ᠤᠳᠤᠷᠢᠳᠤᠮᠵᠢ ᠪᠣᠯᠭᠠᠵᠤ᠂ ᠨᠡᠭᠡᠭᠡᠯᠲᠡ ᠶᠢᠨ ᠣᠷᠣᠨ ᠤ ᠮᠦ ᠪᠦᠷᠢ ᠶᠢᠨ ᠳᠤᠮᠳᠠᠴᠢ ᠦᠷ᠎ᠡ ᠠᠰᠢᠭ ᠢ | 20% ᠠᠴᠠ ᠳᠡᠭᠡᠭᠰᠢ ᠪᠤᠯᠭᠠᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠪᠣᠯᠤᠨ ᠶᠡᠷᠦᠩᠬᠡᠶ ᠬᠡᠮᠵᠢᠶ᠎ᠡ ᠶᠢᠨ ︽ᠬᠤᠶᠠᠷ ᠢ ᠬᠢᠵᠠᠭᠠᠷᠯᠠᠬᠤ︾ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠦᠨ᠎ᠡ᠃ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ | ᠠᠵᠢᠯᠯᠠᠭ᠎ᠠ ᠶᠢ ᠥᠷᠨᠢᠭᠦᠯᠦᠨ᠂ ᠤᠰᠤ ᠶᠢ ᠬᠠᠮᠠᠭᠠᠯᠠᠵᠤ ᠨᠡᠭᠦᠷᠡᠰᠦ ᠮᠠᠯᠲᠠᠬᠤ ᠲᠡᠷᠢᠭᠦᠨ ᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦᠨ | ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠶᠢᠨ ᠤᠰᠤ ᠪᠠ ᠰᠢᠨᠡᠳᠭᠡᠯ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠬᠠᠲᠤᠨ | ᠭᠤᠣᠯ ᠤᠨ ᠤᠰᠤᠨ ᠤ ᠭᠦᠢᠴᠡᠳᠬᠡᠯ ᠲᠤᠭ᠎ᠠ ᠶᠢ ᠢᠳᠡᠪᠬᠢᠲᠠᠢ ᠡᠷᠡᠮᠡᠯᠵᠡᠯᠡᠵᠦ᠂ ᠠᠵᠤ ᠦᠢᠯᠡᠳᠪᠦᠷᠢ ᠶᠢᠨ ᠲᠥᠷᠥᠯ ᠵᠦᠢᠯ᠂ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠂ ᠤᠯᠤᠰ ᠤᠨ ᠲᠠᠰ ᠤᠨ ᠰᠢᠶᠠᠨ ᠤ ᠤᠷᠤᠨ ᠪᠦᠰᠡ ᠶᠢᠨ | ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠡᠭᠦᠳᠦᠨ ᠪᠠᠶᠢᠭᠤᠯᠤᠨ᠎ᠠ᠃ | ︵ᠲᠠᠪᠤ︶ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠤᠶᠠᠯᠳᠤᠯ ᠬᠦᠭᠵᠢᠯᠲᠡ ᠶᠢ ᠠᠬᠢᠭᠤᠯᠤᠨ᠎ᠠ᠃ ᠬᠤᠲᠠ | ᠬᠥᠳᠡᠭᠡ ᠶᠢ ᠨᠢᠭᠡ ᠴᠤᠭᠴᠠᠵᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠬᠤᠲᠠ ᠶᠢᠨ ᠰᠢᠨᠡᠴᠢᠯᠡᠯᠲᠡ ᠶᠢ ᠲᠦᠷᠭᠡᠳᠬᠡᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠬᠤᠲᠠ ᠶᠢᠨ ᠬᠦᠴᠦᠲᠡᠶ ᠲᠤᠯᠭᠠᠭᠤᠷᠢᠯᠠᠯ ᠪᠤᠯᠬᠤ᠂ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ | ᠬᠤᠲᠠ ᠶᠢᠨ ᠬᠥᠭᠵᠢᠯᠲᠡ ᠶᠢᠨ ᠴᠢᠳᠠᠪᠤᠷᠢ ᠶᠢᠨ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠴᠢᠳᠠᠮᠵᠢ ᠶᠢ ᠳᠡᠭᠡᠭᠰᠢᠯᠡᠭᠦᠯᠵᠦ᠂ ᠬᠤᠲᠠ ᠶᠢᠨ | ᠠᠭᠤᠯᠤᠭᠳᠠᠬᠤᠨ ᠢ ᠪᠠᠶᠠᠯᠢᠭᠵᠢᠭᠤᠯᠤᠨ᠂ ᠪᠥᠬᠦ ᠤᠯᠤᠰ ᠤᠨ ᠲᠡᠷᠢᠭᠦᠨ ᠵᠡᠷᠭᠡ ᠶᠢᠨ ᠬᠤᠳᠠ ᠶᠢ ᠡᠬᠦᠳᠦᠨ ᠪᠠᠶᠢᠭᠤᠯᠵᠤ᠂ ᠡᠵᠡᠨ ᠬᠤᠷᠤᠭ᠎ᠠ ᠶᠢᠨ ᠰᠠᠶᠢᠨ ᠰᠠᠶᠢᠬᠠᠨ | ᠳᠦᠷᠢ ᠲᠥᠷᠬᠦ ᠶᠢ ᠪᠣᠶ ᠪᠣᠯᠭᠠᠨ᠎ᠠ᠃ ᠴᠡᠴᠡᠷᠯᠢᠭ ᠤᠨ ᠬᠤᠲᠠ ᠶᠢ ᠪᠠᠶᠢᠭᠤᠯᠤᠨ᠎ᠠ᠃ ᠪᠥᠬᠦ ᠬᠡᠪᠴᠢᠶᠡᠨ ᠤ ᠴᠡᠴᠡᠷᠯᠢᠭ ᠤᠨ ᠬᠤᠲᠠ ᠶᠢᠨ ᠲᠥᠯᠥᠪᠵᠢᠭᠦᠯᠭᠡ ᠪᠠ | ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂6 ᠵᠢᠵᠢᠭᠬᠡᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ︽ᠬᠤᠤᠰ ᠠᠭᠤᠯᠠ ᠨᠠᠭᠤᠷ ᠢ | ᠲᠣᠭᠤᠷᠢᠭᠰᠠᠨ︾ ᠳᠤᠭᠤᠶ ᠤᠨᠤᠬᠤ᠂ ᠬᠡᠦᠬᠡᠳ ᠤᠨ ᠵᠤᠭ᠎ᠠ ᠴᠡᠩᠭᠡᠯ᠂ ᠪᠡᠶ᠎ᠡ ᠶᠢᠨ ᠲᠠᠮᠢᠷ ᠰᠡᠯᠡᠭᠦᠴᠡᠯ ᠵᠡᠷᠭᠡ ᠨᠢᠭᠡ ᠪᠦᠯᠦᠭ ᠭᠤᠤᠯ ᠰᠡᠳᠤᠪᠳᠦ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠬᠤᠲᠠ ᠶᠢᠨ 20 ᠲᠦᠮᠡᠨ ᠲᠡᠭᠰᠢ ᠳᠥᠷᠪᠡᠯᠵᠢᠨ ᠮᠧᠲᠷ ᠵᠦᠯᠭᠡᠯᠢᠭ ᠭᠠᠵᠠᠷ ᠢ ᠥᠭᠡᠷᠡᠴᠢᠯᠡᠨ ᠳᠡᠭᠡᠭᠰᠢᠯᠡᠭᠦᠯᠵᠦ᠂ 58 ᠺᠢᠯᠣᠮᠧᠲᠷ | ᠠᠯᠭᠤᠷ ᠶᠠᠪᠤᠬᠤ ᠨᠣᠭᠤᠭᠠᠨ ᠵᠠᠮ ᠢ ᠰᠢᠨ᠎ᠡ ᠪᠠᠷ ᠪᠠᠶᠢᠭᠤᠯᠵᠤ᠂ ᠴᠡᠴᠡᠷᠯᠢᠭ ᠢᠶᠠᠷ ᠭᠤᠤᠯ ᠪᠣᠯᠭᠠᠭᠰᠠᠨ᠂ ᠨᠡᠶᠢᠭᠡᠮ ᠲᠣᠭᠤᠷᠢᠭ᠂ ᠦᠵᠡᠮᠵᠢ ᠶᠢᠨ ᠣᠷᠣᠨ᠂ | ᠬᠤᠳᠠᠯᠳᠤᠭᠠᠨ ᠤ ᠲᠣᠭᠤᠷᠢᠭ ᠣᠷᠭᠠᠨᠢᠭ ᠢᠶᠠᠷ ᠤᠶᠠᠯᠳᠤᠭᠰᠠᠨ ᠴᠡᠴᠡᠷᠯᠢᠭ ᠤᠨ ᠬᠤᠲᠠ ᠶᠢᠨ ᠪᠣᠷᠣ ᠲᠥᠯᠥᠪ ᠤᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠶᠢᠨ | ᠣᠷᠣᠨ ᠵᠠᠶ ᠪᠠ ᠬᠤᠲᠠ ᠶᠢᠨ ᠣᠷᠣᠨ ᠵᠠᠶ ᠬᠠᠷᠢᠯᠴᠠᠨ ᠠᠭᠤᠰᠤᠯᠴᠠᠨ ᠬᠠᠮᠲᠤᠪᠠᠷ ᠣᠷᠣᠰᠢᠭᠰᠠᠨ ᠭᠤᠶᠣ ᠰᠠᠶᠢᠬᠠᠨ ᠬᠤᠲᠠ ᠶᠢᠨ ᠬᠡᠯᠪᠡᠷᠢ ᠪᠠᠶᠢᠳᠠᠯ ᠢ ᠠᠩᠬ᠎ᠠ | ᠠᠯᠬᠤᠮ ᠪᠦᠷᠢᠯᠳᠦᠬᠦᠯᠦᠨ᠎ᠡ᠃ ᠴᠢᠨᠠᠷ ᠴᠢᠨᠰᠠᠭ᠎ᠠ ᠲᠠᠢ ᠬᠤᠲᠠ ᠶᠢ ᠪᠠᠶᠢᠭᠤᠯᠤᠨ᠎ᠠ ᠃ ᠬᠦᠡᠭ ᠶᠤᠸᠠᠨ ᠲᠢᠶᠠᠨ ᠰᠢᠶᠠ᠂ ᠸᠠᠨ ᠬᠤᠤ ᠣᠯᠠᠨ ᠤᠯᠤᠰ ᠵᠡᠷᠭᠡ 30 | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠵᠢᠷᠦᠬᠡ ᠶᠢᠨ ᠭᠤᠤᠯ ᠵᠡᠭᠡᠯᠢ᠂ ᠲᠠᠢ ᠺᠠᠩ ᠵᠡᠭᠦᠨ ᠵᠡᠭᠡᠯᠢ ᠵᠡᠷᠭᠡ 31 ᠬᠡᠰᠡᠭ ᠪᠣᠷᠣᠭᠠᠨ ᠤ | ᠤᠰᠤ ᠪᠤᠵᠠᠷ ᠤᠰᠤᠨ ᠤ ᠬᠤᠭᠤᠯᠠᠢ ᠶᠢ ᠳᠡᠭᠡᠭᠰᠢᠯᠡᠭᠦᠯᠵᠦ᠂ ᠬᠤᠲᠠ ᠳᠣᠲᠣᠷᠠᠬᠢ ᠤᠰᠤᠲᠤᠯ ᠤᠨ ᠳᠠᠯᠳᠠ ᠭᠡᠮ ᠢ ᠠᠷᠢᠯᠭᠠᠨ᠎ᠠ᠃ ᠲᠠᠢ ᠺᠠᠩ ᠪᠠᠷᠠᠭᠤᠨ ᠵᠡᠭᠡᠯᠢ᠂ | ᠰᠢᠤᠸᠠᠢ ᠹᠦ᠋ ᠵᠠᠮ ᠵᠡᠷᠭᠡ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠲᠡᠷᠭᠡᠨ ᠳᠤ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ | 7 ᠨᠡᠮᠡᠵᠦ ᠪᠠᠶᠢᠭᠤᠯᠤᠨ᠂ ᠲᠡᠷᠬᠡ ᠵᠤᠭᠰᠤᠭᠠᠬᠤ ᠤᠷᠤ ᠶᠢ 700 ᠰᠢᠨ᠎ᠡ ᠪᠠᠷ ᠨᠡᠮᠡᠭᠳᠡᠭᠦᠯᠦᠨ᠎ᠡ᠃ ᠤᠯᠠᠭᠠᠨ ᠪᠦᠯᠦᠭᠯᠡᠯ ᠤᠨ ᠢᠯᠴᠢ ᠴᠠᠬᠢᠯᠭᠠᠨ ᠤ ᠦᠢᠯᠡᠳᠪᠦᠷᠢ ᠶᠢ | ᠨᠤᠷᠠᠭᠠᠵᠤ ᠨᠡᠭᠦᠯᠭᠡᠬᠦ ᠠᠵᠢᠯ ᠢ ᠳᠠᠭᠤᠰᠬᠠᠵᠤ᠂ ᠲᠠᠷᠤᠯᠳᠠᠳᠤ ᠮᠠᠰᠢᠨ ᠴᠤᠭᠴᠠᠯᠠᠪᠦᠷᠢ ᠶᠢᠨ ᠢᠯᠴᠢ ᠴᠠᠬᠢᠯᠭᠠᠨ ᠤ ᠬᠠᠮᠳᠤᠷᠠᠨ ᠦᠢᠯᠡᠳᠪᠦᠷᠢᠯᠠᠬᠦ ᠲᠥᠷᠥᠯ ᠵᠦᠢᠯ ᠢ | ᠬᠡᠷᠡᠭᠵᠢᠭᠦᠯᠵᠦ᠂ ᠠᠯᠳᠠᠨᠰᠢᠷᠡᠭᠡ ᠪᠠᠯᠭᠠᠰᠤᠨ ᠤ ᠬᠤᠲᠠ ᠶᠢᠨ ᠲᠣᠭᠤᠷᠢᠭ᠂ ᠠᠵᠤ ᠦᠢᠯᠡᠳᠪᠦᠷᠢ ᠶᠢᠨ ᠲᠣᠭᠤᠷᠢᠭ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ | ᠢᠯᠴᠢ ᠬᠠᠩᠭᠠᠬᠤ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠪᠣᠯᠪᠠᠰᠤᠨ ᠬᠤᠲᠠ ᠶᠢ ᠪᠠᠶᠢᠭᠤᠯᠤᠨ᠎ᠠ᠃ ᠪᠣᠯᠪᠠᠰᠤᠨ | ᠦᠢᠯᠡᠳᠦᠯᠭᠡ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠳᠠᠯ ᠠᠬᠤᠶ ᠶᠢᠨ ᠦᠢᠯᠡᠴᠢᠯᠡᠭᠡ᠂ | ᠬᠤᠲᠠ ᠶᠢᠨ ᠬᠠᠮᠢᠶᠠᠷᠤᠯᠲᠠ ᠵᠡᠷᠭᠡ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ ᠲᠤᠰᠬᠠᠶ ᠰᠢᠪᠲᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠢ | ᠡᠬᠦᠳᠦᠨ ᠪᠠᠶᠢᠭᠤᠯᠬᠤ ᠬᠠᠲᠠᠭᠤ ᠵᠥᠭᠡᠯᠡᠨ ᠲᠣᠨᠤᠭ ᠤᠨ ᠬᠦᠢᠴᠡᠳᠭᠡᠯ ᠲᠤᠭ᠎ᠠ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠬᠦ ᠶᠢ ᠠᠬᠢᠭᠤᠯᠵᠤ᠂ ᠪᠥᠬᠦ | ᠬᠦᠴᠦᠨ ᠢᠶᠠᠷ ᠢᠶᠠᠨ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠨ᠎ᠡ᠃ ᠡᠨᠡ ᠵᠢᠯ ᠬᠤᠰᠢᠭᠤᠨ ᠤ ᠡᠳ᠋ ᠤᠨ ᠵᠠᠰᠠᠭ ᠠᠴᠠ | 1.5 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠲᠣᠬᠢᠷᠠᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠵᠠᠰᠠᠯᠲᠠ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠳᠤ ᠭᠤᠤᠯᠳᠠᠯᠭ᠎ᠠ ᠲᠠᠢ ᠣᠷᠣᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠪᠡᠶᠡᠯᠡᠭᠦᠯᠬᠦ ᠶᠢ ᠠᠬᠢᠭᠤᠯᠤᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠤᠰᠤ᠂ ᠳᠤᠯᠠᠭᠠᠯᠠᠭ᠎ᠠ᠂ ᠬᠡᠢ ᠵᠡᠷᠭᠡ ᠰᠠᠭᠤᠷᠢ ᠲᠦᠭᠦᠭᠡᠷᠦᠮᠵᠢ ᠪᠠ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠰᠤᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠲᠤᠳᠠᠭᠳᠠᠯ ᠢ ᠲᠦᠷᠭᠡᠳᠬᠡᠨ ᠨᠥᠬᠦᠪᠥᠷᠢᠯᠡᠵᠦ᠂ ᠤᠲᠠᠰᠤᠲᠤ ᠲᠧᠯᠸᠢᠰ ᠪᠠ ᠥᠷᠭᠡᠨ ᠲᠠᠪᠳᠠᠮᠵᠢᠳᠤ ᠰᠦᠯᠵᠢᠶ᠎ᠡ ᠶᠢ ᠬᠦᠳᠡᠭᠡ ᠲᠤᠰᠬᠤᠨ ᠤ ᠠᠶᠢᠯ ᠡᠷᠦᠬᠡ ᠳᠤ | ᠲᠦᠬᠡᠮᠡᠯᠵᠢᠬᠦᠯᠬᠦ ᠢᠨᠵᠧᠨᠧᠷᠢᠩ ᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠲᠣᠳᠣ ᠷᠠᠳᠢᠣ᠋ ᠲᠧᠯᠸᠢᠰ ᠪᠠ ᠵᠠᠭᠤᠨ ᠰᠠᠶ᠎ᠠ ᠭᠡᠷᠡᠯᠯᠢᠭ | ᠰᠢᠷᠬᠡᠭ ᠢᠶᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ 85 ᠺᠢᠯᠤᠮᠧᠲᠷ᠂ ᠬᠥᠳᠡᠭᠡ ᠲᠣᠰᠬᠤᠨ ᠤ ᠴᠠᠬᠢᠯᠭᠠᠨ ᠤ ᠲᠣᠣᠷ | 285 ᠺᠢᠯᠤᠮᠧᠲᠷ ᠢ ᠥᠭᠡᠷᠡᠴᠢᠯᠡᠨ ᠳᠡᠭᠡᠭᠰᠢᠯᠡᠭᠦᠯᠵᠦ᠂ ᠭᠦᠩ ᠤᠨ ᠵᠤᠤ᠂ ᠴᠠᠩ ᠵᠢᠩ ᠴᠢᠤᠢ ᠶᠢᠨ ᠬᠦᠴᠦᠳᠡᠯ ᠥᠭᠡᠷᠡᠴᠢᠯᠡᠬᠦ ᠥᠷᠲᠡᠭᠡ ᠶᠢ ᠰᠢᠨ᠎ᠡ ᠪᠠᠷ | ᠪᠠᠶᠢᠭᠤᠯᠤᠨ ᠪᠠᠭᠲᠠᠭᠠᠮᠵᠢ ᠶᠢ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠪᠠᠶᠠᠨ ᠴᠢᠨᠡᠭᠡᠯᠢᠭ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢ ᠰᠦᠪᠡᠭᠴᠢᠯᠡᠨ ᠪᠠᠶᠢᠭᠤᠯᠵᠤ᠂ ᠨᠢᠭᠡ ᠪᠦᠯᠦᠭ ᠠᠵᠤ ᠠᠬᠤᠶ ᠶᠢᠨ | ᠬᠦᠴᠦᠷᠬᠡᠭ ᠲᠣᠰᠬᠤᠨ ᠢ ᠪᠤᠵᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠪᠦᠬᠦᠨ ᠢ 25 ᠲᠦᠮᠡᠨ | ᠲᠥᠭᠦᠷᠢᠭ ᠠᠴᠠ ᠳᠠᠪᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠪᠠ ᠣᠷᠣᠨ ᠰᠠᠭᠤᠴᠠ ᠶᠢ | ᠠᠮᠢᠳᠤᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ | ᠭᠠᠵᠠᠷ ᠢ ᠡᠷᠭᠢᠯᠳᠦᠭᠦᠯᠦᠨ ᠬᠠᠮᠢᠶᠠᠷᠬᠤ᠂ ᠥᠮᠴᠢᠯᠡᠬᠦ ᠡᠷᠬᠡ ᠶᠢ ᠠᠷᠠᠯᠵᠢᠶᠠᠯᠠᠬᠤ ᠵᠡᠷᠭᠡ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠨᠡᠶᠢᠲᠡᠯᠡᠵᠦ᠂ ᠮᠠᠯᠴᠢᠨ | ᠲᠠᠷᠢᠶᠠᠴᠢᠨ ᠤ ᠡᠵᠡᠩᠨᠡᠯᠲᠡ ᠶᠢᠨ ᠴᠢᠨᠠᠷᠲᠠᠶ᠂ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ | ᠱᠤᠭᠤᠮ ᠢ ᠪᠠᠲᠤ ᠰᠠᠬᠢᠨ᠎ᠠ᠃ ᠪᠣᠯᠪᠠᠰᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ | ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠪᠠ ︽ᠦᠵᠡᠰᠬᠦᠯᠡᠩᠲᠦ ᠴᠣᠮᠬᠠᠳᠬᠠᠯ︾ ᠤᠨ ᠵᠠᠭᠪᠤᠷ ᠢ ᠳᠡᠯᠭᠡᠷᠡᠭᠦᠯᠦᠨ | ᠬᠡᠷᠡᠭᠯᠡᠵᠦ᠂ ᠳᠠᠬᠢᠨ ᠨᠢᠭᠡ ᠪᠦᠯᠦᠭ ᠨᠡᠶᠢᠲᠡᠯᠢᠭ ᠲᠤᠷᠰᠢᠯᠭ᠎ᠠ ᠶᠢ ᠰᠦᠪᠡᠭᠴᠢᠯᠡᠨ ᠪᠦᠷᠢᠯᠳᠦᠭᠦᠯᠵᠦ᠂ ᠳᠦᠷᠢᠮᠵᠢᠭᠰᠡᠨ᠂ ᠵᠢᠷᠤᠮᠵᠢᠭᠰᠠᠨ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠬᠦᠢᠴᠡᠳ ᠬᠥᠭᠵᠢᠭᠡᠨ᠂ ᠪᠤᠯᠪᠠᠰᠤᠨ ᠮᠦᠷᠳᠡᠭᠡᠨ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠢ ᠡᠬᠦᠳᠦᠨ ᠪᠠᠶᠢᠭᠤᠯᠤᠨ᠎ᠠ᠃ | ᠵᠠᠮ ᠬᠠᠷᠢᠯᠴᠠᠭᠠᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠤᠨ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠪᠠᠷᠠᠭᠠᠨ ᠤ | ᠬᠦᠢᠯᠭᠡᠭᠡᠨ ᠤ ᠬᠦᠢᠰᠦ ᠳᠤ ᠲᠦᠰᠢᠭᠯᠡᠨ᠂ ᠲᠡᠮᠦᠷ ᠵᠠᠮ ᠤᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳ᠋ᠦᠩᠱᠸᠡᠭ ᠠᠴᠠ | ᠲᠤᠶᠢᠭ ᠤᠨ ᠰᠦᠮ᠎ᠡ ᠬᠦᠷᠬᠦ ᠲᠡᠮᠦᠷ ᠵᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ᠂ ᠡᠵᠡᠨ ᠬᠤᠷᠤᠭ᠎ᠠ ᠶᠢᠨ ᠪᠠᠷᠠᠭᠠᠨ ᠤ ᠬᠦᠢᠯᠭᠡᠭᠡᠨ ᠤ | ᠬᠦᠷᠢᠶᠡᠯᠡᠩ ᠤᠨ ᠲᠡᠮᠦᠷ ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠪᠠ ︽ᠨᠡᠬᠦᠷᠡᠰᠦᠨ ᠠᠴᠠ ᠪᠤᠰᠤᠳ ᠪᠠᠷᠠᠭ᠎ᠠ ᠬᠦᠢᠯᠬᠡᠬᠡᠨ︾ ᠤ ᠥᠷᠲᠡᠭᠡ | ᠲᠠᠯᠠᠪᠤᠷ ᠢ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠤᠶᠤᠨᠲᠤ ᠳᠣᠲᠣᠭᠠᠳᠤ ᠬᠠᠭᠤᠷᠠᠶ ᠶᠢᠨ ᠭᠠᠷᠠᠮ ᠢ ᠪᠣᠶ ᠪᠣᠯᠭᠠᠨ᠎ᠠ᠃ ᠳᠤᠮᠳᠠᠳᠤ ᠧᠦ᠋ᠷᠣᠫᠠ ᠶᠢᠨ | ᠡᠭᠡᠯᠵᠢᠨ ᠤ ᠭᠠᠯᠲᠤ ᠲᠡᠷᠭᠡ ᠶᠢ ᠨᠡᠮᠡᠵᠦ ᠦᠷ᠎ᠡ ᠠᠰᠢᠭ ᠢ ᠨᠢ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠵᠤ᠂ ᠤᠷᠤᠨ ᠨᠤᠳᠤᠭ ᠤᠨ ᠠᠵᠤ ᠠᠬᠤᠶᠢᠯᠠᠯ ᠤᠨ | ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠡᠵᠡᠨ ᠬᠤᠷᠤᠭ᠎ᠠ ᠶᠢᠨ ︽ᠦᠢᠯᠡᠳᠭᠡᠯ︾ ᠢ ᠰᠢᠭᠤᠳ ᠤᠯᠤᠰ ᠤᠨ ᠡᠭᠦᠳᠡ ᠠᠴᠠ ᠭᠠᠷᠭᠠᠵᠤ᠂ ᠳᠡᠯᠡᠬᠡᠢ ᠳᠤ | ᠭᠠᠷᠭᠠᠨ᠎ᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠶᠡᠷᠦᠩᠬᠡᠶᠢᠯᠡᠨ ᠵᠢᠱᠢᠶ᠎ᠡ ᠦᠵᠡᠬᠦᠯᠵᠦ᠂ ᠰᠢᠨ ᠢ | ᠳ᠋ᠡ ᠶᠢᠨ ᠶᠡᠷᠦᠩᠬᠡᠶᠢᠯᠡᠭᠰᠡᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠰᠢᠭᠤ | ᠪᠠᠯᠭᠠᠰᠤ ᠲᠣᠰᠬᠤᠨ ᠤ ᠲᠦᠷᠭᠡᠨ ᠢᠯᠡᠭᠡᠯᠲᠡ ᠶᠢᠨ ᠪᠠᠷᠠᠭᠠᠨ ᠤ ᠬᠦᠢᠯᠭᠡᠭᠡ ᠶᠢᠨ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠦᠷᠭᠡᠨ | ᠢᠯᠡᠭᠡᠯᠲᠡ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠱᠢ ᠭᠧ ᠲᠠᠢ ᠶᠢᠨ ᠶᠡᠭᠡ ᠬᠥᠭᠦᠷᠭᠡ ᠵᠢᠴᠢ ᠱᠤᠭᠤᠮ ᠲᠠᠳᠠᠬᠤ ᠢᠨᠵᠧᠨᠧᠷᠢᠩ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠯᠠᠨ ᠵᠢᠶᠠ ᠯᠢᠶᠠᠩ ᠠᠴᠠ ᠨᠠᠷᠠᠰᠤᠨ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ᠂ ᠴᠠᠶᠢᠳᠠᠮ ᠠᠴᠠ ᠲᠤᠭ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ ᠪᠠ ᠪᠤᠭᠤᠲᠤ ᠠᠴᠠ ᠣᠷᠳᠣᠰ ᠬᠦᠷᠬᠦ ᠲᠦᠷᠭᠡᠨ ᠬᠤᠷᠳᠤᠴᠠᠳᠤ ᠲᠡᠮᠦᠷ ᠵᠠᠮ᠂ ᠤᠷᠳᠤᠰ ᠲᠡᠮᠡᠭᠡᠳᠦ ᠶᠠᠨ ᠠᠨ ᠬᠦᠷᠬᠦ ᠲᠦᠷᠭᠡᠨ | ᠬᠤᠷᠳᠤᠴᠠᠳᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠬᠠᠮᠵᠢᠯᠴᠠᠨ ᠰᠠᠶᠢᠲᠤᠷ ᠬᠢᠵᠦ᠂ ᠭᠠᠳᠠᠭᠰᠢ ᠳᠣᠲᠣᠭᠰᠢ ᠰᠠᠭᠠᠳ ᠦᠭᠡᠢ | ᠨᠡᠪᠲᠡᠷᠡᠬᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ︵ᠵᠢᠷᠭᠤᠭ᠎ᠠ︶ ᠬᠠᠮᠲᠤᠪᠠᠷ ᠴᠢᠨᠡᠬᠡᠯᠢᠭᠵᠢᠬᠦ ᠶᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠢᠵᠠᠭᠠᠷ ᠲᠠᠢ ᠡᠳ᠋ ᠤᠨ ᠬᠦᠴᠦᠨ ᠢ ᠠᠷᠠᠳ ᠤᠯᠠᠨ ᠤ | ᠬᠠᠮᠤᠭ ᠠᠴᠠ ᠠᠩᠬᠠᠷᠴᠤ ᠪᠠᠶᠢᠭ᠎ᠠ ᠲᠠᠯ᠎ᠠ ᠳᠤ ᠬᠡᠷᠡᠭᠯᠡᠵᠦ᠂ ᠠᠷᠠᠳ ᠤᠨ ᠠᠮᠢᠳᠤᠷᠠᠯ ᠤᠨ ᠲᠤᠳᠠᠭᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ | ᠵᠣᠯ ᠵᠢᠷᠭᠠᠯᠲᠤ ᠰᠤᠷᠭᠠᠨ ᠬᠥᠮᠦᠵᠢᠯ ᠤᠨ ᠨᠠᠷᠠᠲᠤ ᠲᠡᠮᠳᠡᠭᠲᠦ ᠶᠢ ᠪᠣᠶ ᠪᠤᠯᠭᠠᠨ᠎ᠠ᠃ ᠣᠷᠣᠨ ᠬᠡᠪᠴᠢᠶᠡᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢ ᠱᠠᠨ ᠳᠤᠮᠳᠠᠳᠤ ᠰᠤᠷᠭᠠᠭᠤᠯᠢ᠂ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ 7 ᠰᠤᠷᠭᠠᠭᠤᠯᠢ ᠶᠢ | ᠰᠢᠨ᠎ᠡ ᠪᠠᠷ ᠪᠠᠶᠢᠭᠤᠯᠵᠤ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ 12 ᠰᠤᠷᠭᠠᠭᠤᠯᠢ ᠶᠢᠨ | ᠬᠠᠷᠢᠶᠠᠳᠤ ᠲᠦᠬᠦᠭᠡᠷᠦᠮᠵᠢ ᠶᠢ ᠲᠡᠭᠦᠯᠳᠡᠷᠵᠢᠭᠦᠯᠦᠨ᠂ 1360 ᠰᠤᠷᠤᠯᠭ᠎ᠠ ᠶᠢᠨ ᠤᠷᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠪᠥᠬᠦ ᠣᠷᠣᠨ ᠳᠤ ᠳᠤᠮᠳᠠᠳᠤ | ᠪᠠᠭ᠎ᠠ ᠰᠤᠷᠭᠠᠭᠤᠯᠢ ᠶᠢᠨ ᠦᠳᠡ ᠶᠢᠨ ᠬᠤᠭᠤᠯᠠ ᠪᠠ ᠦᠳᠡ ᠶᠢᠨ ᠠᠮᠠᠷᠠᠯᠲᠠ ᠶᠢ ᠪᠦᠬᠦᠨ ᠢ ᠬᠠᠮᠤᠷᠬᠤ ᠶᠢ ᠤᠷᠢᠳᠠᠪᠠᠷ ᠪᠡᠶᠡᠯᠡᠭᠦᠯᠦᠨ᠎ᠡ᠃ ︽ᠬᠤᠶᠠᠷ ᠢ | ᠬᠦᠩᠬᠡᠷᠡᠬᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠵᠠᠯᠠᠭᠤᠴᠤᠳ ᠪᠠᠭᠠᠴᠤᠳ ᠤᠨ ᠶᠡᠷᠦᠩᠬᠡᠶᠢᠯᠡᠭᠰᠡᠨ ᠰᠤᠷᠭᠠᠨ | ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠷᠳᠣᠨ᠂ ᠠᠩᠬᠠᠨ ᠤ ᠰᠤᠷᠭᠠᠨ ᠬᠥᠮᠦᠵᠢᠯ ᠤᠨ ᠲᠥᠪ ᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ︽ᠲᠠᠪᠤ ᠶᠢ ᠬᠥᠮᠦᠵᠢᠭᠦᠯᠬᠦ︾ ᠶᠢ | ᠵᠡᠷᠭᠡ ᠪᠠᠷ ᠴᠢᠬᠤᠯᠠᠴᠢᠯᠠᠵᠤ ᠬᠥᠮᠦᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠵᠤ᠂ ᠬᠡᠦᠬᠡᠳ ᠤᠨ ᠲᠦᠷᠦᠯᠬᠢ ᠴᠢᠨᠠᠷ ᠢ ᠪᠠᠷᠢᠮᠲᠠᠯᠠᠨ᠂ ᠰᠤᠷᠭᠠᠨ ᠬᠥᠮᠦᠵᠢᠯ ᠤᠨ | ᠮᠥᠨ ᠴᠢᠨᠠᠷ ᠡᠷᠬᠢᠮᠯᠡᠨ᠎ᠡ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠰᠠᠨᠠᠯ ᠢ ᠲᠣᠭᠲᠠᠭᠠᠨ ᠨᠡᠶᠢᠲᠡᠯᠡᠵᠦ᠂ ︽ᠰᠢᠶᠠᠨ ᠠᠴᠠ | ᠬᠠᠮᠢᠶᠠᠷᠬᠤ ᠰᠤᠷᠭᠠᠭᠤᠯᠢ ᠠᠴᠠ ᠤᠷᠢᠨ ᠬᠡᠷᠡᠭᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠰᠤᠷᠭᠠᠨ ᠬᠦᠮᠦᠵᠢᠯ ᠤᠨ ᠶᠠᠰᠤ ᠴᠢᠨᠠᠷ ᠢ ᠦᠷᠬᠦᠯᠵᠢᠯᠡᠨ | ᠲᠡᠭᠡᠭᠰᠢᠯᠡᠬᠦᠯᠦᠨ᠎ᠡ᠃ ᠪᠠᠭᠰᠢ ᠶᠢᠨ ᠵᠢᠭᠠᠨ ᠰᠤᠷᠭᠠᠯᠳᠠ ᠠᠴᠠ ᠪᠤᠰᠤᠳ ᠠᠵᠢᠯ ᠢ ᠶᠡᠬᠡᠪᠡᠷ ᠬᠦᠩᠭᠡᠯᠡᠵᠦ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠬᠠᠷᠠᠭᠠᠯᠵᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠶᠢ ᠨᠢᠭᠡ ᠰᠡᠳᠬᠢᠯ ᠢᠶᠠᠷ ᠪᠢᠴᠢᠭ ᠵᠢᠭᠠᠵᠤ᠂ ᠬᠥᠮᠦᠨ | ᠬᠦᠮᠦᠵᠢᠬᠦᠯᠵᠦ᠂ ᠵᠣᠯ ᠵᠢᠷᠭᠠᠯ ᠲᠠᠢ ᠪᠠᠶᠢᠯᠭᠠᠨ᠎ᠠ᠃ | ᠠᠷᠠᠳ ᠲᠦᠮᠡᠨ ᠤ ᠡᠷᠡᠭᠦᠯ ᠮᠡᠨᠳᠦ ᠶᠢ ᠪᠦᠬᠦ ᠬᠦᠴᠦᠨ ᠢᠶᠠᠷ ᠪᠠᠲᠤᠯᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠴᠢᠨᠠᠷ ᠰᠠᠶᠢᠲᠠᠶ ᠡᠮᠴᠢᠯᠡᠭᠡᠨ ᠤ | ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠶ ᠪᠠᠶᠢᠷᠢᠯᠠᠭᠤᠯᠬᠤ ᠶᠢ ᠠᠬᠢᠭᠤᠯᠤᠨ᠎ᠠ᠃ ᠬᠤᠰᠢᠭᠤ ᠠᠷᠠᠳ ᠤᠨ | ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠡᠬᠢᠯᠡᠨ ᠪᠠᠶᠢᠭᠤᠯᠵᠤ᠂ ᠬᠤᠶᠠᠳᠤᠭᠠᠷ ᠳᠡᠰ ᠤᠨ ᠬᠥᠬᠡ ᠵᠡᠷᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠣᠯᠭᠠᠬᠤ ᠪᠠᠷ ᠴᠢᠷᠮᠠᠶᠢᠨ᠎ᠠ᠃ ᠦᠨᠳᠦᠰᠦᠨ ᠱᠠᠲᠤᠨ ᠤ ᠡᠮ ᠡᠮᠨᠡᠯᠭᠡ ᠶᠢᠨ ᠡᠮᠨᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠭᠠᠨᠮᠦ᠋ᠷᠡᠨ ᠠᠷᠠᠳ ᠤᠨ | ᠡᠮᠨᠡᠯᠭᠡ ᠶᠢᠨ ᠬᠤᠷᠢᠶ᠎ᠠ ᠶᠢ ᠡᠬᠢᠯᠡᠨ ᠪᠠᠶᠢᠭᠤᠯᠵᠤ᠂ ᠰᠤᠪᠤᠷᠭ᠎ᠠ᠂ ᠪᠦᠯᠢᠶᠡᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ | ᠦᠨᠳᠦᠰᠦᠨ ᠱᠠᠲᠤᠨ ᠤ ᠡᠮᠴᠢ ᠰᠤᠪᠢᠯᠠᠭᠴᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠡᠰ ᠬᠤᠪᠢᠶᠠᠨ ᠣᠨᠣᠰᠢᠯᠠᠨ ᠡᠮᠨᠡᠬᠦ ᠲᠦᠷᠢᠮ ᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠬᠡᠷ ᠲᠡᠭᠡᠨ ᠴᠢᠨᠠᠷ ᠰᠠᠶᠢᠲᠠᠶ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠨ᠎ᠡ᠃ ᠰᠢᠨ᠎ᠡ ᠱᠠᠲᠤᠨ ᠳᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠡᠷᠡᠭᠦᠯ ᠮᠡᠨᠳᠦ ᠶᠢ ᠪᠠᠲᠤᠯᠠᠵᠤ᠂ ᠬᠦᠨᠳᠦ | ᠡᠪᠡᠳᠴᠢᠨ ᠢ ᠰᠡᠷᠭᠡᠶᠢᠯᠡᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠲᠣᠭᠲᠠᠭᠤᠨ ᠡᠮᠬᠢ ᠵᠢᠷᠤᠮ ᠲᠠᠢ ᠬᠡᠷᠡᠭᠵᠢᠬᠦᠯᠦᠨ᠎ᠡ᠃ ᠡᠷᠡᠭᠦᠯᠵᠢᠯ | ᠠᠰᠠᠷᠠᠮᠵᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠠᠳᠠᠢ ᠡᠷᠡᠭᠦᠯᠵᠢᠯ ᠤᠨ ᠬᠤᠳᠠ ᠪᠣᠯᠤᠨ ᠶᠡᠷᠦᠩᠬᠡᠶᠢᠯᠡᠭᠰᠡᠨ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠲᠠ ᠶᠢᠨ ᠲᠥᠪ ᠢ ᠲᠦᠷᠭᠡᠳᠬᠡᠨ ᠪᠠᠶᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠲᠥᠪ ᠢ ᠪᠠᠶᠢᠭᠤᠯᠵᠤ᠂ ᠨᠠᠰᠤᠲᠠᠶᠢᠴᠤᠳ ᠢ ᠥᠲᠡᠯᠦᠭᠡ | ᠨᠠᠰᠤᠨ ᠳᠠᠭᠠᠨ ᠪᠠᠶᠠᠷ ᠪᠠᠶᠠᠰᠤᠯ ᠲᠠᠢ᠂ ᠠᠰᠠᠷᠠᠮᠵᠢ ᠲᠠᠢ ᠪᠠᠶᠢᠯᠭᠠᠨ᠎ᠠ᠃ | ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ | ᠴᠢᠩᠭᠠᠳᠬᠠᠵᠤ᠂ ᠬᠤᠰᠢᠭᠤᠨ ᠤ ᠮᠦᠽᠧᠢ ᠶᠢ ᠡᠬᠢᠯᠡᠨ ᠪᠠᠶᠢᠭᠤᠯᠵᠤ᠂ ᠲᠠᠷᠢᠶᠠᠯᠠᠩ ᠮᠠᠯᠵᠢᠯ᠂ ᠨᠡᠭᠦᠷᠡᠰᠦ᠂ ᠬᠠᠭᠤᠴᠢ ᠰᠤᠳᠤᠯᠤᠯ ᠵᠡᠷᠭᠡ ᠨᠢᠭᠡ ᠪᠦᠯᠦᠭ ᠲᠤᠰᠬᠠᠢ | ᠰᠡᠳᠦᠪᠲᠦ ᠦᠵᠡᠬᠦᠯᠭᠡ ᠶᠢᠨ ᠤᠷᠳᠤᠨ ᠢ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ 4 ᠰᠠᠭᠤᠷᠢ | ᠭᠡᠷ ᠳᠣᠲᠣᠷᠠᠬᠢ ᠪᠡᠶ᠎ᠡ ᠶᠢᠨ ᠲᠠᠮᠢᠷ ᠤᠨ ᠣᠷᠳᠣᠨ ᠢ ᠰᠢᠨ᠎ᠡ ᠪᠠᠷ ᠠᠰᠢᠭᠯᠠᠯᠲᠠ ᠳᠤ ᠣᠷᠣᠭᠤᠯᠤᠨ᠂ ᠨᠠᠭᠠᠳᠤᠮ᠂ ᠲᠡᠭᠷᠢᠯᠢᠭ ᠨᠠᠷᠬᠢᠯ ᠪᠠᠶᠠᠷ ᠪᠡᠶ᠎ᠡ ᠶᠢᠨ ᠲᠠᠮᠢᠷ ᠤᠨ | ᠦᠪᠡᠳᠡᠭᠰᠢ ᠨᠠᠶᠢᠷ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠬᠢᠯᠡᠵᠦ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠠ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠦᠵᠡᠰᠬᠦᠯᠡᠩ ᠤᠨ | ᠣᠷᠳᠣᠨ ᠤ ᠰᠦᠷᠦᠭᠵᠢᠯ ᠤᠨ ᠪᠠᠶᠢᠭᠤᠯᠤᠯᠲᠠ ᠶᠢ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠤᠯᠤᠰ ᠢᠶᠠᠨ | ᠬᠠᠶᠢᠷᠠᠯᠠᠬᠤ ᠰᠤᠷᠭᠠᠨ ᠬᠦᠮᠦᠵᠢᠯ ᠤᠨ ᠭᠤᠣᠯ ᠰᠡᠳᠦᠪᠲᠦ ᠦᠵᠡᠰᠬᠦᠯᠡᠩ ᠤᠨ ᠲᠢᠩᠬᠢᠮ ᠢ ᠵᠠᠰᠠᠨ ᠴᠢᠮᠡᠭᠯᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠠᠬᠢᠭᠤᠯᠬᠤ ︽ᠲᠠᠪᠤᠨ ᠶᠡᠭᠡ | ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ ᠠᠵᠢᠯ ᠤᠨ ᠪᠠᠶᠢᠷᠢ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠠᠵᠢᠯ ᠣᠯᠭᠤᠬᠤ ᠣᠷᠣᠨ ᠵᠠᠶ ᠶᠢ ᠥᠷᠭᠡᠳᠬᠡᠵᠦ᠂ | 70% ᠠᠴᠠ ᠳᠡᠭᠡᠭᠰᠢᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠤᠲᠠ ᠤᠷᠤᠭᠰᠠᠨ ᠮᠠᠯᠴᠢᠨ ᠲᠠᠷᠢᠶᠠᠴᠢᠨ ᠳᠤ ᠠᠵᠢᠯ ᠣᠯᠭᠤᠬᠤ ᠳᠤ | ᠬᠡᠷᠡᠭᠯᠡᠬᠦ ᠶᠢ ᠦᠨᠡᠨ ᠬᠦ ᠪᠠᠲᠤᠯᠠᠵᠤ᠂ ᠬᠤᠲᠠ ᠪᠠᠯᠭᠠᠰᠤᠨ ᠤ 2000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠣᠭᠠᠳᠤᠢ ᠬᠡᠷ ᠪᠦᠯᠢ ᠶᠢ | ᠬᠥᠳᠡᠯᠦᠩᠭᠦᠶ ᠪᠠᠷ ᠥᠬᠡᠶ ᠪᠣᠯᠭᠠᠬᠤ ᠶᠢ ᠪᠠᠲᠤᠯᠠᠨ᠎ᠠ᠃ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠨᠠᠷᠢᠯᠢᠭ ᠣᠨᠣᠴᠠᠲᠠᠶ ᠪᠠᠷ | ᠥᠷᠨᠢᠭᠦᠯᠵᠦ᠂ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠬᠤ ᠴᠢᠬᠤᠯᠠᠳᠠᠢ ᠶᠢ ᠪᠦᠬᠦᠨ ᠢ | ᠪᠠᠲᠤᠯᠠᠬᠤ ᠶᠢ ᠠᠬᠢᠭᠤᠯᠤᠨ᠎ᠠ᠃ ᠪᠦᠸᠧ ᠶᠧ᠂ ᠲᠢᠶᠠᠨ ᠽᠦᠸᠧ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠬᠥᠷᠤᠩᠭᠡ ᠶᠢᠨ ᠬᠦᠷᠢᠶᠡᠨ ᠳᠠᠬᠢ ᠦᠯᠡᠳᠡᠭᠳᠡᠯ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ 918 ᠲᠠᠰᠤᠯᠭ᠎ᠠ ᠨᠡᠶᠢᠲᠡ ᠶᠢᠨ ᠲᠦᠷᠢᠶᠡᠰᠦᠨ ᠭᠡᠷ᠂ 2500 ᠠᠭᠤᠷᠬᠠᠢ ᠶᠢᠨ ᠣᠷᠣᠨ ᠤ ᠨᠡᠭᠦᠯᠭᠡᠭᠰᠡᠨ ᠠᠷᠠᠳ ᠢ | ᠲᠥᠪᠬᠢᠨᠡᠭᠦᠯᠬᠦ ᠭᠡᠷ ᠪᠠᠶᠢᠰᠢᠩ ᠢ ᠪᠠᠶᠢᠭᠤᠯᠵᠤ᠂ ᠪᠦᠸᠧ ᠶᠧ᠂ ᠲᠢᠶᠠᠨ ᠽᠦᠸᠧ ᠵᠡᠷᠭᠡ ᠲᠤᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠠᠰᠠᠭᠤᠳᠠᠯ ᠢ | ᠪᠦᠬᠦ ᠬᠦᠴᠦᠨ ᠢᠶᠠᠷ ᠰᠢᠢᠳᠪᠦᠷᠢᠯᠡᠵᠦ᠂ 800 ᠭᠠᠷᠤᠢ ᠭᠡᠷ ᠢ ᠲᠤᠰᠢᠶᠠᠬᠤ ᠪᠠᠷ ᠪᠠᠳᠤᠯᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠤᠨ ᠬᠠᠷᠠᠭᠠᠯᠵᠠᠬᠤ | ᠡᠲᠡᠭᠡᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ᠂ | ᠵᠡᠮᠳᠡᠭᠴᠦᠳ ᠵᠡᠷᠭᠡ ᠠᠮᠢᠳᠤᠷᠠᠯ ᠨᠢ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠴᠢᠩᠭᠠᠳᠬᠠᠵᠤ᠂ ᠦᠨᠳᠦᠰᠦᠨ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠃ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠵᠢᠯᠣᠭᠤᠳᠬᠤ ᠲᠥᠪ ᠢ ᠪᠠᠶᠢᠭᠤᠯᠵᠤ᠂ | ᠨᠡᠭᠦᠷᠡᠰᠦ᠂ ᠨᠡᠬᠦᠷᠡᠰᠦ ᠤᠬᠢᠶᠠᠵᠤ ᠰᠢᠯᠢᠬᠦ ᠲᠠᠯᠠᠪᠠᠶ᠂ ᠪᠠᠷᠢᠯᠭ᠎ᠠ ᠶᠢᠨ ᠠᠵᠢᠯ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ | ᠠᠶᠦᠯᠬᠦᠢ ᠦᠢᠯᠡᠳᠪᠦᠷᠢᠯᠡᠯ ᠤᠨ ᠠᠳᠠᠯ ᠭᠠᠷᠬᠤ ᠲᠤᠭ᠎ᠠ᠂ ᠥᠭᠦᠭᠰᠡᠨ ᠬᠥᠮᠦᠨ ᠤ ᠲᠤᠭ᠎ᠠ ᠶᠢᠨ ︽ᠬᠤᠤᠰ ᠪᠠᠭᠤᠷᠠᠯᠲᠠ︾ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ︽ᠳᠥᠷᠪᠡᠨ ᠴᠢᠩᠭ᠎ᠠ︾ ᠪᠠᠷ ᠢᠳᠡᠭᠡᠨ ᠪᠠ ᠡᠮ ᠤᠨ ᠵᠦᠢᠯ ᠤᠨ ᠪᠥᠬᠦ ᠬᠡᠯᠬᠢᠶ᠎ᠡ ᠶᠢᠨ ᠪᠥᠬᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢ ᠪᠠᠷᠢᠮᠲᠠᠯᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠵᠠᠬᠢᠳᠠᠯ ᠰᠤᠷᠪᠤᠯᠵᠢᠯᠠᠯ | ᠤᠨ ᠲᠠᠷᠤᠭᠳᠠᠭᠰᠠᠨ ᠬᠡᠷᠡᠭ ᠢ ᠰᠢᠢᠳᠪᠦᠷᠢᠯᠡᠬᠦ ᠪᠠ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠲᠠᠷᠤᠭᠳᠠᠭᠰᠠᠨ ᠬᠡᠷᠡᠭ ᠢ | ᠬᠥᠳᠡᠯᠦᠩᠭᠦᠢ ᠪᠠᠷ ᠦᠭᠡᠢ ᠪᠣᠯᠭᠠᠵᠤ᠂ ᠠᠩᠬᠠᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ︽ᠰᠠᠷ᠎ᠠ ᠳᠠᠭᠠᠨ ᠳᠠᠭᠤᠰᠬᠠᠨ ᠰᠢᠢᠳᠪᠦᠷᠢᠯᠡᠵᠦ︾᠂ ᠪᠦᠬᠦ ᠤᠯᠤᠰ | ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠪᠣᠯᠭᠠᠬᠤ ᠪᠠᠷ ᠴᠢᠷᠮᠠᠶᠢᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ | ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠡᠵᠡᠨ ᠬᠤᠷᠤᠭ᠎ᠠ ᠶᠢ ᠪᠥᠲᠥᠭᠡᠨ ᠪᠠᠶᠢᠭᠤᠯᠤᠨ᠎ᠠ᠃ | ᠲᠥᠯᠥᠭᠡᠯᠡᠭᠴᠢᠳ ᠡ︕ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠦᠷᠭᠦᠯᠵᠢᠯᠡᠨ ᠴᠢᠩ ᠰᠡᠳᠬᠢᠯ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠣᠯᠠᠨ ᠲᠦᠮᠡᠨ ᠤ ᠬᠦᠰᠡᠯ ᠢ ᠵᠠᠰᠠᠭ ᠤᠨ ᠤᠷᠳᠤᠨ ᠠᠴᠠ ᠬᠦᠢᠴᠡᠳᠬᠡᠵᠦ᠂ ᠡᠵᠡᠨ ᠬᠤᠷᠤᠭ᠎ᠠ ᠬᠤᠰᠢᠭᠤᠨ ᠤ ᠤᠯᠠᠨ ᠲᠦᠮᠡᠨ ᠳᠤ ᠵᠤᠯ | ᠵᠢᠷᠭᠠᠯᠳᠤ ᠠᠮᠢᠳᠤᠷᠠᠯ ᠢ ᠡᠳ᠋ᠯᠡᠬᠦᠯᠦᠨ᠎ᠡ︕ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ | ︵ᠨᠢᠭᠡ︶ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠢᠮᠠᠭᠳᠠ ᠪᠠᠷᠢᠮᠲᠠᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠳᠡᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠎ᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠠᠮ ᠤᠨ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠬᠡᠪᠴᠢᠶ᠎ᠡ᠂ ᠪᠥᠬᠦ ᠶᠠᠪᠤᠴᠠ ᠳᠤ ᠲᠤᠭᠤᠰᠢᠯᠠᠭᠤᠯᠬᠤ ᠶᠢ ᠨᠠᠶᠢᠳᠠᠪᠦᠷᠢᠵᠢᠭᠤᠯᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠪᠣᠳᠠᠲᠤ ᠠᠵᠢᠯᠯᠠᠭ᠎ᠠ | ᠳᠡᠭᠡᠷ᠎ᠡ ᠢᠯᠡᠷᠡᠭᠦᠯᠵᠦ᠂ ᠬᠥᠭᠵᠢᠯᠲᠡ ᠶᠢᠨ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ | ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠷᠪᠤᠰ ᠵᠤᠷᠪᠤᠰ ᠢᠶᠠᠷ ᠨᠠᠶᠢᠳᠠᠪᠤᠷᠢᠵᠢᠭᠤᠯᠤᠨ᠂ ᠪᠣᠳᠠᠲᠠᠶ ᠳᠤ | ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠰᠢ ᠶᠢᠨ ᠫᠢᠡᠭ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠦᠢᠴᠡᠳ ᠠᠰᠢᠭᠯᠠᠨ | ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠲᠦᠷᠭᠡᠳᠬᠡᠨ ᠡᠭᠦᠳᠦᠨ ᠪᠠᠶᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ | ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ | ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠶᠢᠨ ᠠᠷᠭ᠎ᠠ | ᠬᠡᠯᠪᠡᠷᠢ ᠶᠢ ᠰᠢᠯᠢᠳᠡᠭᠵᠢᠭᠦᠯᠦᠨ ᠰᠢᠨᠡᠴᠢᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠡᠷᠬᠢᠯᠡᠵᠦ᠂ ᠣᠯᠠᠨ ᠲᠦᠮᠡᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠤᠨᠤᠰᠴᠦ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠳᠠ᠂ ᠠᠷᠠᠳᠴᠢᠯᠠᠯᠳᠤ᠂ ᠬᠠᠤᠯᠢ | ᠲᠦᠷᠢᠮᠵᠢᠯᠳᠡ ᠶᠢᠨ ᠲᠦᠪᠰᠢᠨ ᠢ ᠦᠷᠬᠦᠯᠵᠢᠯᠡᠨ ᠲᠠᠭᠡᠭᠰᠢᠯᠡᠬᠦᠯᠦᠨ᠎ᠡ᠃ | ︵ᠭᠤᠷᠪᠠ︶ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠢᠮᠠᠭᠳᠠ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ | ᠠᠵᠢᠯ ᠤᠨ ᠠᠮᠢᠨ ᠰᠤᠳᠠᠰᠤ ᠪᠣᠯᠭᠠᠵᠤ᠂ ᠳᠠᠩᠰᠠ ᠲᠤᠰᠢᠶᠠᠬᠤ ᠤᠬᠠᠮᠰᠠᠷ᠂ ᠰᠢᠯᠭᠠᠯᠳᠠ ᠲᠤᠰᠢᠶᠠᠬᠤ ᠤᠬᠠᠮᠰᠠᠷ᠂ ᠦᠷ᠎ᠡ ᠪᠦᠳᠦᠮᠵᠢ ᠶᠢᠨ ᠤᠬᠠᠮᠰᠠᠷ ᠢᠶᠠᠨ | ᠴᠢᠩᠭᠠᠳᠬᠠᠵᠤ᠂ ᠲᠤᠭᠳᠠᠭᠠᠭᠰᠠᠨ ᠡᠬᠦᠷᠬᠡ ᠪᠠᠨ ᠬᠠᠷᠠᠯᠳᠠ ᠲᠠᠢ᠂ ᠪᠦᠳᠦᠮᠵᠢᠳᠠᠢ᠂ ᠠᠮᠵᠢᠯᠳᠠ ᠲᠠᠢ ᠪᠡᠶᠡᠯᠡᠬᠦᠯᠦᠨ᠎ᠡ᠃ ᠨᠠᠷᠢᠨ ᠲᠠᠩᠰᠠᠴᠢᠯᠠᠬᠤ᠂ ᠪᠢᠲᠡᠭᠦᠮᠵᠢᠲᠦ | ᠬᠡᠯᠪᠡᠷᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠢ ᠬᠥᠮᠦᠨ ᠳᠤ | ᠪᠣᠳᠠᠲᠠᠶᠢᠵᠢᠭᠤᠯᠵᠤ᠂ ᠠᠵᠢᠯ ᠢ ᠪᠤᠳᠠᠳᠠᠶᠢᠵᠢᠭᠤᠯᠤᠨ ᠪᠠᠶᠢᠷᠢᠯᠠᠭᠤᠯᠵᠤ᠂ ᠠᠵᠢᠯ ᠤᠨ ᠡᠮᠦᠨ᠎ᠡ ᠹᠷᠣᠨᠲ ᠤᠨ ᠪᠤᠳᠠᠳᠤ ᠪᠠᠶᠢᠳᠠᠯ ᠢ ᠤᠶᠢᠯᠠᠭᠠᠨ᠂ ᠲᠤᠬᠠᠢ ᠶᠢᠨ ᠲᠠᠯᠠᠪᠠᠢ | ᠳᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠤᠨ | ᠴᠠᠯᠢᠩ ᠬᠥᠯᠥᠰᠥ ᠶᠢᠨ ᠤᠷᠮᠠᠰᠢᠭᠤᠯᠬᠤ ᠳᠦᠷᠢᠮ ᠢ ᠲᠤᠷᠰᠢᠨ ᠬᠡᠷᠡᠭᠵᠢᠭᠦᠯᠵᠦ᠂ ᠬᠦᠨᠳᠦ ᠡᠭᠦᠷᠭᠡ ᠶᠢ ᠡᠭᠦᠷᠭᠡᠯᠡᠵᠦ᠂ ᠪᠣᠳᠠᠲᠠᠢ ᠠᠵᠢᠯ ᠬᠢᠳᠡᠭ ᠺᠠᠳ᠋ᠷ ᠢ ᠰᠡᠳᠬᠢᠯ | ᠳᠡᠭᠡᠨ ᠬᠦᠰᠡᠯ ᠡᠷᠡᠮᠡᠯᠵᠡᠯ ᠲᠠᠢ᠂ ᠠᠵᠢᠯᠯᠠᠬᠤ ᠵᠤᠷᠢᠭ ᠲᠠᠢ ᠪᠣᠯᠭᠠᠨ᠎ᠠ᠃ | ︵ᠲᠦᠷᠪᠡ︶ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠢ | ᠭᠦᠢᠴᠡᠳᠬᠡᠵᠦ᠂ ᠢᠨᠵᠧᠨᠧᠷᠢᠩ ᠤᠨ ᠲᠦᠷᠦᠯ ᠵᠦᠢᠯ ᠢ ᠦᠷᠬᠦᠯᠵᠢᠯᠡᠨ ᠬᠦᠨᠵᠡᠭᠡᠶᠢᠷᠡᠬᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠬᠢᠯᠠᠭ᠎ᠠ ᠶᠢᠨ ᠠᠵᠢᠯ ᠤᠨ | ᠪᠠᠶᠢᠷᠢ ᠶᠢᠨ ᠴᠢᠭᠡᠴᠢ ᠵᠠᠰᠠᠭ ᠤᠨ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠬᠢᠨᠠᠨ ᠪᠤᠳᠤᠬᠤ ᠬᠢᠨᠠᠯᠳᠠ ᠪᠠ ᠦᠷ᠎ᠡ ᠳ᠋ᠦᠡᠭ | ᠤᠨ ᠬᠡᠷᠡᠭᠯᠡᠯᠳᠡ ᠶᠢ ᠴᠢᠩᠭᠠᠳᠬᠠᠵᠤ᠂ ᠡᠷᠬᠡ ᠪᠠᠨ ᠠᠰᠢᠭᠯᠠᠵᠤ ᠬᠤᠪᠢ ᠶᠢᠨ ᠠᠰᠢᠭ ᠬᠥᠭᠡᠭᠡᠴᠡᠯᠳᠦᠬᠦ ᠪᠤᠯᠤᠮᠵᠢ ᠶᠢ ᠠᠷᠢᠯᠭᠠᠨ᠎ᠠ᠃ ᠵᠠᠰᠠᠭ ᠤᠨ ᠣᠷᠳᠣᠨ ᠠᠷᠪᠢᠯᠠᠨ | ᠭᠠᠮᠨᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠡᠷᠡᠰ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠦᠷᠭᠦᠯᠵᠢᠯᠡᠨ | ᠪᠠᠭᠤᠷᠠᠭᠤᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ | ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠤᠯᠠᠨ ᠤ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ | ᠮᠣᠷᠠᠯ ᠢ ᠴᠢᠩᠳᠠᠯᠠᠨ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠨ᠎ᠠ᠃ | ᠲᠥᠯᠥᠭᠡᠯᠡᠭᠴᠢᠳ ᠡ︕ ᠬᠤᠯᠠ ᠭᠡᠮᠡᠨ ᠪᠤᠤ ᠴᠦᠬᠦ ᠶᠠᠪᠤᠪᠠᠰᠤ ᠬᠦᠷᠦᠶᠦ᠂ ᠬᠦᠨᠳᠦ ᠬᠡᠮᠡᠨ ᠪᠤᠤ ᠴᠦᠬᠦ ᠡᠷᠬᠦᠪᠡᠰᠦ ᠲᠠᠭᠠᠭᠠᠶᠤ᠃ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠲᠦᠪ | ᠴᠢᠩᠭ᠎ᠠ ᠤᠳᠤᠷᠢᠳᠤᠯᠭ᠎ᠠ ᠳᠤᠤᠷ᠎ᠠ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠵᠣᠷᠢᠭᠲᠠᠶ ᠪᠠᠷ ᠤᠷᠤᠭᠰᠢᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ | ᠰᠠᠶᠢᠲᠠᠶ ᠪᠡᠶᠡᠯᠡᠭᠦᠯᠬᠦ ᠶᠢ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠬᠡᠢ ᠵᠠᠮᠨᠠᠵᠤ᠂ ᠣᠳᠣᠬᠢᠴᠢᠯᠠᠭᠰᠠᠨ ᠡᠵᠡᠨ ᠬᠤᠷᠤᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | | | | | | | | |