ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠶᠢ ᠴᠢᠩᠭ᠎ᠠ ᠴᠠᠭᠠᠵᠠᠯᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠵᠠᠷᠯᠠᠯ
ᠨᠡᠶᠢᠲᠡᠯᠡᠭᠰᠡᠨ ᠴᠠᠭ᠄
2023/4/19
                    ᠡᠵᠡᠨ ᠵᠠᠰᠠᠭ ᠲᠠᠷᠬᠠᠭᠠᠬᠤ 〔2023〕19 ᠳ᠋ᠤᠭᠡᠷ ᠲᠣᠭᠠᠲᠤᠥᠷᠭᠡᠨ ᠣᠯᠠᠨ ᠮᠠᠯᠴᠢᠨ ᠲᠠᠷᠢᠶᠠᠴᠢᠨ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠯ᠎ᠡ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠣᠶᠢᠲᠤ ᠭᠠᠵᠠᠷ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠵᠤ᠂ ᠠᠵᠤ ᠠᠬᠤᠢ ᠪᠣᠯᠣᠨ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ ᠶᠢ ᠦᠨᠳᠦᠰᠦᠯᠡᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠎ ᠶᠢᠨ ︽ᠣᠶᠢᠲᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠪᠣᠳᠠᠲᠠᠢ ᠪᠠᠷ ᠬᠡᠷᠡᠭᠯᠡᠬᠦ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠪᠣᠳᠠᠲᠠᠢ ᠬᠡᠷᠡᠭᠯᠡᠬᠦ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ  ᠶᠢ ᠬᠡᠷᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠤ ᠨᠤᠲᠤᠭ ᠪᠡᠯᠴᠢᠭᠡᠷ ᠤᠨ  ᠤᠶᠢᠳᠤ ᠭᠠᠵᠠᠷ ᠢ ᠬᠠᠤᠯᠢ ᠪᠤᠰᠤ ᠪᠠᠷ ᠡᠵᠡᠯᠡᠬᠦ᠂  ᠡᠪᠳᠡᠬᠦ ᠶᠢ ᠴᠢᠩᠭ᠎ᠠ ᠴᠠᠭᠠᠵᠠᠯᠠᠨ᠎ᠠ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ  ᠤᠶᠢᠳᠤ ᠭᠠᠵᠠᠷ᠂ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠤᠪᠢᠷᠠᠭᠤᠯᠵᠤ ᠪᠣᠯᠬᠤ ᠦᠭᠡᠢ᠂ ᠤᠶᠢᠳᠤ ᠭᠠᠵᠠᠷ᠂ ᠨᠤᠲᠤᠭ ᠪᠡᠯᠴᠢᠭᠡᠷ ᠳᠡᠭᠡᠷ᠎ᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ᠂ ᠠᠭᠤᠷᠬᠠᠢ ᠮᠠᠯᠲᠠᠨ ᠡᠯᠡᠰᠦ ᠮᠠᠯᠲᠠᠬᠤ᠂ ᠬᠠᠭᠠᠯᠪᠤᠷᠢᠯᠠᠨ ᠳᠠᠷᠢᠬᠤ᠂ ᠰᠢᠷᠣᠢ ᠠᠪᠴᠤ ᠰᠢᠷᠣᠢ ᠬᠠᠶᠠᠬᠤ ᠵᠡᠷᠭᠡ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠵᠦ ᠪᠣᠯᠬᠤ ᠦᠭᠡᠢ᠃       ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠭᠡᠳᠡᠭ ᠨᠢ᠄ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠲᠤᠭ᠎ᠠ ᠬᠡᠮᠵᠢᠶ᠎ᠡ ᠨᠢ 20  ᠮᠤ᠋ ᠠᠴᠠ ᠳᠡᠭᠡᠭᠰᠢ ᠪᠠᠶᠢᠬᠤ᠂ ᠡᠰᠡᠬᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠴᠠ ᠪᠣᠯᠵᠤ ᠵᠠᠰᠠᠭ ᠵᠠᠬᠢᠷᠭᠠᠨ ᠤ ᠰᠢᠢᠳᠭᠡᠯ ᠣᠯᠵᠤ ᠥᠩᠭᠡᠷᠡᠭᠰᠡᠨ ᠪᠥᠭᠡᠳ ᠭᠤᠷᠪᠠᠨ ᠵᠢᠯ ᠤᠨ ᠳᠣᠲᠣᠷ᠎ᠠ ᠪᠠᠰᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ 10  ᠮᠤ᠋ ᠠᠴᠠ ᠳᠡᠭᠡᠭᠰᠢ ᠬᠤᠪᠢᠷᠠᠭᠤᠯᠤᠭᠰᠠᠨ ᠪᠠᠶᠢᠪᠠᠯ᠂ ᠳᠣᠣᠷ᠎ᠠ ᠵᠢᠭᠰᠠᠭᠠᠭᠰᠠᠨ ᠦᠢᠯᠡ ᠪᠠᠶᠢᠳᠠᠯ ᠲᠠᠢ ᠪᠠᠶᠢᠪᠠᠯ᠂ ᠨᠤᠲᠤᠭ ᠪᠡᠯᠴᠢᠭᠡᠷ ᠢ ᠶᠡᠭᠡ ᠬᠡᠮᠵᠢᠶ᠎ᠡ ᠪᠠᠷ ᠡᠪᠳᠡᠨ ᠰᠦᠢᠳᠬᠡᠭᠰᠡᠨ ᠢᠶᠠᠷ ᠮᠠᠭᠠᠳᠯᠠᠨ ᠲᠣᠭᠲᠠᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠨ᠎ᠡ᠄       ︵ᠨᠢᠭᠡ︶ ᠨᠤᠲᠤᠭ ᠪᠡᠯᠴᠢᠭᠡᠷ ᠢ ᠬᠠᠭᠠᠯᠪᠤᠷᠢᠯᠠᠵᠤ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠤᠢ ᠮᠣᠳᠣ ᠳᠠᠷᠢᠭᠰᠠᠨ      ︵ᠬᠤᠶᠠᠷ︶ ᠲᠠᠯ᠎ᠠ ᠨᠤᠲᠤᠭ ᠳᠡᠭᠡᠷ᠎ᠡ  ᠨᠦᠭᠡᠨ ᠭᠡᠷ ᠭᠠᠷᠭᠠᠬᠤ᠂ ᠭᠡᠷ ᠪᠠᠷᠢᠬᠤ᠂ ᠵᠡᠮ ᠵᠠᠰᠠᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠰᠢᠷᠣᠢ ᠠᠪᠬᠤ᠂ ᠵᠦᠯᠭᠡ ᠶᠢ ᠱᠠᠭᠠᠯᠵᠤ ᠠᠪᠤᠭᠰᠠᠨ      ︵ᠭᠤᠷᠪᠠ︶ ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠣᠪᠣᠭᠠᠯᠠᠭᠰᠠᠨ ᠪᠤᠶᠤ ᠭᠠᠳᠠᠭᠰᠢᠯᠠᠭᠤᠯᠤᠭᠠᠳ ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠨᠥᠮᠥᠷᠭᠡ ᠶᠢ ᠬᠦᠨᠳᠦ ᠨᠣᠴᠢᠲᠠᠢ ᠡᠪᠳᠡᠭᠰᠡᠨ ᠪᠤᠶᠤ ᠬᠦᠨᠳᠦ ᠨᠣᠴᠢᠲᠠᠢ ᠪᠣᠬᠢᠷᠲᠤᠭᠤᠯᠤᠭᠰᠠᠨ       ︵ᠲᠦᠷᠪᠡ︶ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠵᠤ ᠠᠰᠢᠭᠯᠠᠬᠤ ᠲᠥᠯᠦᠪᠵᠢᠭᠦᠯᠭᠡ ᠶᠢ ᠵᠥᠷᠢᠴᠡᠨ ᠲᠡᠵᠢᠭᠡᠯ ᠡᠪᠡᠰᠦ ᠪᠠ ᠲᠡᠵᠢᠭᠡᠯ ᠪᠣᠷᠳᠣᠭᠠᠨ ᠤ ᠲᠠᠷᠢᠮᠠᠯ ᠲᠡᠷᠢᠭᠠᠦᠠ ᠨᠤᠲᠤᠭ ᠪᠡᠯᠴᠢᠭᠡᠷ ᠢ ᠡᠯᠡᠰᠦᠵᠢᠭᠦᠯᠦᠭᠰᠡᠨ ᠪᠤᠶᠤ ᠤᠰᠤ ᠰᠢᠷᠣᠢ ᠶᠢ ᠬᠦᠨᠳᠦ ᠨᠣᠴᠢᠲᠠᠢ ᠠᠯᠳᠠᠭᠳᠠᠭᠤᠯᠤᠭᠰᠠᠨ ᠤᠶᠢᠳᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠭᠡᠳᠡᠭ ᠨᠢ᠄ ᠬᠠᠤᠯᠢ ᠪᠤᠰᠤ ᠪᠠᠷ ᠤᠶᠢᠳᠤ ᠭᠠᠵᠠᠷ ᠢ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ  ᠤᠶᠢᠳᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠣᠶᠢᠲᠤ ᠭᠠᠵᠠᠷ ᠲᠤ ᠨᠦᠭᠡᠨ ᠭᠡᠷ ᠭᠠᠷᠭᠠᠬᠤ᠂ ᠪᠤᠯᠠᠰᠢᠨ ᠭᠠᠵᠠᠷ ᠭᠠᠷᠭᠠᠬᠤ᠂ ᠭᠡᠷ ᠪᠠᠷᠢᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠰᠢᠷᠣᠢ ᠠᠪᠬᠤ᠂ ᠲᠠᠷᠢᠮᠠᠯ ᠲᠠᠷᠢᠬᠤ᠂ ᠬᠠᠶᠠᠭᠳᠠᠮᠠᠯ ᠪᠣᠳᠠᠰ ᠢ ᠣᠪᠣᠭᠠᠯᠠᠬᠤ ᠪᠠ ᠢᠯᠭᠠᠨ ᠭᠠᠷᠭᠠᠬᠤ ᠵᠡᠷᠭᠡ ᠦᠢᠯᠡ ᠠᠵᠢᠯᠯᠠᠭ᠎ᠠ ᠶᠢ ᠬᠢᠬᠦ ᠪᠤᠶᠤ ᠪᠤᠰᠤᠳ ᠤᠢ ᠰᠢᠭᠤᠢ ᠶᠢᠨ ᠦᠢᠯᠡᠰ ᠤᠨ ᠪᠤᠰᠤ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ ᠬᠢᠨ᠎ᠡ᠃ ᠣᠶᠢᠲᠤ ᠭᠠᠵᠠᠷ ᠤᠨ ᠤᠤᠯ ᠤᠨ ᠤᠷᠭᠤᠮᠠᠯ ᠤᠨ ᠬᠤᠴᠢᠯᠭ᠎ᠠ ᠪᠤᠶᠤ ᠣᠶ ᠰᠢᠭᠤᠢ ᠶᠢᠨ ᠲᠠᠷᠢᠮᠠᠯ ᠤᠨ ᠨᠥᠬᠦᠴᠡᠯ ᠢ ᠬᠦᠨᠳᠦ ᠨᠣᠴᠢᠲᠠᠢ ᠡᠪᠳᠡᠭᠰᠡᠨ ᠪᠤᠶᠤ ᠬᠦᠨᠳᠦ ᠨᠣᠴᠢᠲᠠᠢ ᠪᠣᠬᠢᠷᠲᠤᠭᠤᠯᠤᠭᠰᠠᠨ ᠪᠥᠭᠡᠳ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠶᠢᠲᠤ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ ᠢᠶᠠᠷ ᠮᠠᠭᠠᠳᠯᠠᠨ ᠲᠣᠭᠲᠠᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠨ᠎ᠡ᠄       ︵ᠨᠢᠭᠡ︶ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ ᠬᠠᠯᠬᠠᠪᠴᠢ ᠣᠶᠢᠲᠤ ᠭᠠᠵᠠᠷ᠂ ᠣᠨᠴᠠ ᠬᠡᠷᠡᠭᠴᠡᠭᠡᠨ ᠤ ᠣᠶᠢᠲᠤ ᠭᠠᠵᠠᠷ ᠤᠨ ᠲᠤᠭ᠎ᠠ ᠬᠡᠮᠵᠢᠶ᠎ᠡ ᠨᠢ ᠲᠤᠰ ᠲᠤᠰ ᠪᠤᠶᠤ ᠨᠡᠶᠢᠯᠡᠭᠡᠳ 5 ᠮᠤ᠋ ᠠᠴᠠ ᠳᠡᠭᠡᠭᠰᠢ ᠪᠠᠶᠢᠬᠤ      ︵ᠬᠤᠶᠠᠷ︶ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠰᠡᠨ ᠪᠤᠰᠤᠳ ᠤᠢ ᠮᠣᠳᠣᠨ ᠤ ᠭᠠᠵᠠᠷ ᠤᠨ ᠲᠤᠭ᠎ᠠ ᠬᠡᠮᠵᠢᠶ᠎ᠡ ᠨᠢ 10 ᠮᠤ᠋ ᠠᠴᠠ ᠳᠡᠭᠡᠭᠰᠢ ᠲᠤ ᠬᠥᠷᠥᠭᠰᠡᠨ       ︵ᠭᠤᠷᠪᠠ︶ ᠲᠤᠰ ᠵᠦᠢᠯ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠲᠤ ᠲᠣᠭᠲᠠᠭᠠᠭᠰᠠᠨ ᠤᠶᠢᠳᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠰᠦᠢᠳᠬᠡᠭᠰᠡᠨ ᠲᠤᠭ᠎ᠠ ᠬᠡᠮᠵᠢᠶ᠎ᠡ ᠨᠢ ᠲᠤᠰ ᠲᠤᠰ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠶᠢᠨ ᠵᠠᠭᠤᠨ ᠤ ᠲᠠᠪᠢ ᠠᠴᠠ ᠳᠡᠭᠡᠭᠰᠢ ᠬᠡᠮᠵᠢᠶᠡᠨ ᠳᠤ ᠬᠦᠷᠦᠭᠰᠡᠠ      ︵ᠲᠦᠷᠪᠡ︶ ᠲᠤᠰ ᠵᠦᠢᠯ ᠤᠨ  ︵ᠨᠢᠭᠡ︶ ᠳ᠋ᠤᠭᠡᠷ ᠵᠤᠷᠪᠤᠰ᠂  ︵ᠬᠤᠶᠠᠷ︶ ᠳ᠋ᠤᠭᠠᠷ ᠵᠤᠷᠪᠤᠰ ᠲᠤ ᠲᠣᠭᠲᠠᠭᠠᠭᠰᠠᠨ ᠤᠶᠢᠳᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠰᠦᠢᠳᠬᠡᠭᠰᠡᠨ ᠪᠥᠭᠡᠳ ᠲᠡᠭᠦᠨ ᠤ ᠳᠣᠲᠣᠷᠠᠬᠢ ᠨᠢᠭᠡ ᠵᠦᠢᠯ ᠤᠨ ᠲᠤᠭ᠎ᠠ ᠬᠡᠮᠵᠢᠶ᠎ᠡ ᠨᠢ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠶᠢᠨ ᠵᠠᠭᠤᠨ ᠤ ᠲᠠᠪᠢ ᠠᠴᠠ ᠳᠡᠭᠡᠭᠰᠢ ᠳᠤ ᠬᠦᠷᠦᠭᠰᠡᠠ ᠪᠥᠭᠡᠳ ᠬᠤᠶᠠᠷ ᠵᠦᠢᠯ ᠤᠨ ᠲᠤᠭ᠎ᠠ ᠬᠡᠮᠵᠢᠶ᠎ᠡ ᠨᠢ ᠨᠡᠶᠢᠯᠡᠭᠡᠳ ᠲᠤᠰ ᠵᠦᠢᠯ ᠳᠤ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠠ ᠪᠠᠶᠢᠬᠤ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ  ᠰᠢᠢᠳᠭᠡᠯ ᠥᠭᠭᠦᠨ᠎ᠡ ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢ ᠦᠨᠳᠦᠰᠦᠯᠡᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠤᠶᠠᠷ᠂ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠭᠠᠯᠪᠤᠷᠢᠯᠠᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡᠨᠲᠡ ᠬᠢᠭᠰᠡᠨ ᠪᠠᠶᠢᠪᠠᠯ᠂ ᠡᠪᠳᠡᠭᠰᠡᠨ ᠦᠢᠯᠡ ᠠᠵᠢᠯᠯᠠᠭᠠᠳᠠᠨ ᠨᠢ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠪᠠᠨ ᠲᠡᠷᠡ ᠳᠠᠷᠤᠢ ᠳᠤᠨᠢ ᠵᠣᠭᠰᠣᠭᠠᠨ᠎ᠠ᠃ ᠣᠶᠢᠲᠤ ᠭᠠᠵᠠᠷ ᠢ ᠡᠪᠳᠡᠭᠡᠳ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠴᠢᠬᠤᠯᠠᠲᠠᠢ ᠪᠠᠶᠢᠪᠠᠯ᠂ ︽ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠣᠶ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ᠂ ᠣᠶ ᠮᠣᠳᠣ ᠶᠢ ᠨᠥᠬᠦᠵᠦ ᠳᠠᠷᠢᠬᠤ ᠪᠠᠷᠢᠮᠵᠢᠶ᠎ᠠ ᠶᠢ ᠲᠣᠭᠲᠠᠭᠠᠬᠤ ᠲᠤᠬᠠᠢ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠯᠤᠭᠤᠳᠬᠤ ᠰᠠᠨᠠᠯ︾ ︵ᠣᠶ ᠰᠢᠭᠤᠢ ᠠᠯᠪᠠᠨ ᠲᠠᠷᠬᠠᠭᠠᠭᠰᠠᠨ ﹇2020﹈ 94 ᠳ᠋ᠤᠭᠡᠷ ᠲᠣᠭᠠᠲᠤ︶᠎ ᠤᠨ ᠶᠣᠰᠣᠭᠠᠷ ᠬᠡᠷᠡᠭᠵᠢᠭᠦᠯᠦᠨ᠎ᠡ︔ ᠨᠤᠲᠤᠭ ᠪᠡᠯᠴᠢᠭᠡᠷ ᠢ ᠡᠪᠳᠡᠭᠡᠳ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠴᠢᠬᠤᠯᠠᠲᠠᠢ ᠪᠠᠶᠢᠪᠠᠯ᠂ ᠨᠤᠲᠤᠭ ᠪᠡᠯᠴᠢᠭᠡᠷ ᠤᠨ ᠤᠤᠯ ᠤᠨ ᠪᠠᠶᠢᠭᠰᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠᠷ ᠭᠤᠣᠯ ᠬᠠᠷᠠᠯᠲᠠ ᠪᠣᠯᠭᠠᠵᠤ᠂ ᠤᠭ ᠭᠠᠵᠠᠷ᠂ ᠠᠳᠠᠯᠢ ᠲᠡᠯᠡᠪᠡᠢ᠂ ᠠᠳᠠᠯᠢ ᠶᠠᠰᠤ ᠴᠢᠨᠠᠷ ᠢᠶᠠᠷ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠬᠡᠷᠡᠭᠵᠢᠭᠦᠯᠦᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠎ ᠤᠨ ᠵᠢᠷᠤᠮᠵᠢᠯ ᠎ ᠤᠨ ᠪᠠᠷᠢᠮᠵᠢᠶ᠎ᠠ ᠳᠤ ᠨᠡᠶᠢᠴᠡᠬᠦ ᠦᠭᠡᠢ ᠥᠢᠯᠡ ᠠᠵᠢᠯᠯᠠᠭ᠎ᠠ ᠶᠢ ᠰᠡᠷᠭᠦᠭᠡᠬᠦ ᠦᠭᠡᠢ ᠪᠤᠶᠤ ᠰᠡᠷᠭᠦᠭᠡᠬᠦ ᠶᠢ ᠲᠡᠪᠴᠢᠪᠡᠯ᠂ ᠴᠢᠬᠤᠯᠠ ᠲᠠᠢ ᠦᠶ᠎ᠡ ᠎ ᠳᠤ ᠬᠠᠮᠢᠶ᠎ᠠ ᠪᠦᠬᠦᠢ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠠᠪᠴᠤ᠂ ᠤᠷᠭᠤᠮᠠᠯ ᠎ ᠤᠨ ᠬᠤᠴᠢᠯᠭ᠎ᠠ ᠶᠢ ᠰᠡᠷᠭᠦᠭᠡᠵᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃       ᠭᠤᠷᠪᠠ᠂ ᠵᠠᠪᠳᠤᠨ ᠵᠠᠶᠢᠯᠠᠬᠤ᠂ ᠵᠠᠪᠳᠤᠨ ᠳᠠᠷᠢᠬᠤ᠂ ᠵᠠᠪᠳᠤᠨ ᠪᠠᠶᠢᠭᠤᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠣᠶᠢᠲᠤ ᠭᠠᠵᠠᠷ᠂ ᠡᠪᠡᠰᠦᠲᠦ ᠭᠠᠵᠠᠷ ᠳᠡᠭᠡᠷ᠎ᠡ ᠵᠠᠪᠳᠤᠨ ᠵᠠᠶᠢᠯᠠᠬᠤ᠂ ᠵᠠᠪᠳᠤᠨ ᠳᠠᠷᠢᠬᠤ᠂ ᠵᠠᠪᠳᠤᠨ ᠪᠠᠶᠢᠭᠤᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠵᠠᠪᠳᠤᠨ ᠵᠠᠶᠢᠯᠠᠬᠤ᠂ ᠵᠠᠪᠳᠤᠨ ᠲᠠᠷᠢᠬᠤ᠂ ᠵᠠᠪᠳᠤᠨ ᠪᠠᠶᠢᠭᠤᠯᠬᠤ ᠭᠡᠳᠡᠭ ᠨᠢ ᠡᠩ ᠤᠨ ᠪᠠᠶᠢᠳᠠᠯ ᠳᠤ ᠲᠠᠲᠠᠪᠤᠷᠢᠯᠠᠬᠤ ᠴᠢᠬᠤᠯᠠᠲᠠᠢ ᠭᠠᠵᠠᠷ ᠰᠢᠷᠣᠢ ᠶᠢᠨ ᠬᠡᠪᠴᠢᠶᠡᠨ ᠳᠣᠲᠣᠷ᠎ᠠ᠂ ᠵᠠᠰᠠᠭ ᠤᠨ ᠣᠷᠳᠣᠨ ᠠᠴᠠ ᠭᠠᠵᠠᠷ ᠲᠠᠲᠠᠪᠤᠷᠢᠯᠠᠬᠤ ᠶᠢ ᠡᠬᠢᠯᠡᠵᠦ ᠵᠠᠷᠯᠠᠭᠰᠠᠨ ᠤ ᠲᠠᠷᠠᠭ᠎ᠠ᠂ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠨᠢᠭᠡᠴᠢ ᠪᠤᠶᠤ ᠬᠤᠪᠢ ᠬᠥᠮᠥᠨ ᠨᠢ ᠮᠡᠳᠡᠭᠳᠡᠯ ᠳᠤ ᠲᠣᠭᠲᠠᠭᠠᠭᠰᠠᠨ ᠲᠠᠲᠠᠪᠤᠷᠢᠯᠠᠨ ᠨᠡᠭᠦᠯᠭᠡᠬᠦ ᠬᠡᠪᠴᠢᠶᠡᠨ ᠳᠣᠲᠣᠷ᠎ᠠ ᠡᠯ᠎ᠡ ᠵᠦᠢᠯ ᠤᠨ ᠲᠠᠷᠢᠮᠠᠯ ᠤᠨ ᠵᠦᠢᠯ ᠪᠠ ᠤᠢ ᠵᠢᠮᠢᠰ ᠤᠨ ᠴᠢᠬᠢ ᠮᠣᠳᠣ ᠶᠢ ᠵᠠᠪᠳᠤᠨ ᠵᠠᠶᠢᠯᠠᠬᠤ᠂ ᠵᠠᠪᠳᠤᠨ ᠲᠠᠷᠢᠬᠤ ᠵᠢᠴᠢ ᠪᠠᠷᠢᠯᠭ᠎ᠠ ᠶᠢᠨ ᠵᠦᠢᠯ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ︵ᠪᠦᠲᠦᠴᠡ︶ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠪᠤᠰᠤᠳ ᠠᠷᠭ᠎ᠠ ᠮᠠᠶ᠋ᠢᠭ ᠢᠶᠠᠷ ᠵᠠᠪᠳᠤᠨ ᠵᠠᠶᠢᠯᠠᠭᠰᠠᠨ᠂ ᠵᠠᠪᠳᠤᠨ ᠳᠠᠷᠢᠭᠰᠠᠨ᠂ ᠵᠠᠪᠳᠤᠨ ᠪᠠᠶᠢᠭᠤᠯᠤᠭᠰᠠᠨ᠃ ᠡᠭᠦᠨ ᠤ ᠬᠠᠮᠲᠤ᠂ ᠵᠠᠰᠠᠭ ᠤᠨ ᠣᠷᠳᠣᠨ ᠤ ᠭᠠᠵᠠᠷ ᠰᠢᠷᠣᠢ ᠲᠠᠲᠠᠪᠤᠷᠢᠯᠠᠬᠤ ᠶᠢ ᠡᠬᠢᠯᠡᠭᠦᠯᠬᠦ ᠠᠯᠪᠠᠨ ᠵᠠᠷ ᠪᠤᠶᠤ ᠬᠤᠯᠪᠣᠭᠳᠠᠯ ᠪᠦᠬᠦᠢ ᠮᠡᠳᠡᠭᠳᠡᠯ ᠢ ᠪᠠᠭᠤᠯᠭᠠᠬᠤ ᠎ ᠠᠴᠠ ᠡᠮᠦᠨ᠎ᠡ ᠳᠠᠷᠢᠭᠰᠠᠨ ᠪᠣᠯᠪᠠᠴᠤ ᠤᠯᠠᠷᠢᠯ ᠰᠥᠷᠬᠦ᠂ ᠨᠢᠭᠲᠠᠴᠠ ᠠᠴᠠ ᠬᠡᠲᠦᠷᠡᠬᠦ᠂ ᠥᠰᠦᠯᠲᠡ ᠶᠢᠨ ᠵᠢᠮ᠎ᠡ ᠶᠣᠰᠣ ᠎ ᠠᠴᠠ ᠵᠥᠷᠢᠴᠡᠨ ᠳᠠᠷᠢᠵᠤ ᠰᠢᠯᠵᠢᠭᠦᠯᠦᠨ ᠵᠠᠶᠢᠯᠠᠬᠤ ᠵᠡᠷᠭᠡ ᠦᠶᠯᠡ ᠠᠵᠢᠯᠯᠠᠭ᠎ᠠ ᠢᠯᠡᠳᠲᠡ ᠣᠷᠣᠰᠢᠵᠤ ᠪᠠᠶᠢᠪᠠᠯ᠂ ᠴᠥᠮ ᠵᠠᠪᠳᠤᠵᠤ ᠵᠠᠶᠢᠯᠠᠭᠰᠠᠨ᠂ ᠵᠠᠪᠳᠤᠵᠤ ᠳᠠᠷᠢᠭᠰᠠᠨ᠂ ᠵᠠᠪᠳᠤᠵᠤ ᠪᠠᠶᠢᠭᠤᠯᠤᠭᠰᠠᠨ ᠦᠶᠯᠡ ᠠᠵᠢᠯᠯᠠᠭ᠎ᠠ ᠪᠠᠷ ᠮᠠᠭᠠᠳᠯᠠᠨ ᠲᠣᠭᠲᠠᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠎ ᠤᠨ ᠬᠤᠷᠢᠨ ᠵᠢᠷᠭᠤᠳᠤᠭᠠᠷ ᠵᠦᠢᠯ ᠳᠤ᠄ ᠭᠠᠵᠠᠷ ᠰᠢᠷᠣᠢ ᠶᠢ ᠲᠠᠲᠠᠪᠤᠷᠢᠯᠠᠬᠤ ᠤᠷᠢᠳᠴᠢᠯᠠᠭᠰᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠶᠠᠮᠠᠷᠪᠠ ᠨᠢᠭᠡᠴᠢ ᠪᠠ ᠬᠤᠪᠢ ᠬᠥᠮᠥᠨ ᠲᠠᠲᠠᠪᠤᠷᠢᠯᠠᠭᠰᠠᠨ ᠬᠡᠪᠴᠢᠶᠡᠨ ᠳᠣᠲᠣᠷ᠎ᠠ ᠵᠠᠪᠳᠤᠨ ᠵᠠᠶᠢᠯᠠᠵᠤ᠂ ᠵᠠᠪᠳᠤᠨ ᠪᠠᠶᠢᠭᠤᠯᠵᠤ ᠪᠣᠯᠬᠤ ᠦᠭᠡᠢ᠃ ᠲᠣᠭᠲᠠᠭᠠᠯ ᠢ ᠵᠥᠷᠢᠴᠡᠨ ᠵᠠᠪᠳᠤᠨ ᠵᠠᠶᠢᠯᠠᠭᠰᠠᠨ᠂ ᠵᠠᠪᠳᠤᠨ ᠪᠠᠶᠢᠭᠤᠯᠤᠭᠰᠠᠨ ᠪᠠᠶᠢᠪᠠᠯ᠂ ᠵᠠᠪᠳᠤᠨ ᠵᠠᠶᠢᠯᠠᠭᠰᠠᠨ᠂ ᠵᠠᠪᠳᠤᠨ ᠪᠠᠶᠢᠭᠤᠯᠤᠭᠰᠠᠨ ᠬᠡᠰᠡᠭ ᠲᠤ ᠲᠥᠯᠥᠪᠦᠷᠢ ᠥᠭᠬᠦ ᠦᠭᠡᠢ᠃ ︽ᠵᠠᠪᠳᠤᠨ ᠵᠠᠶᠢᠯᠠᠬᠤ᠂ ᠵᠠᠪᠳᠤᠨ ᠲᠠᠷᠢᠬᠤ᠂ ᠵᠠᠪᠳᠤᠨ ᠪᠠᠶᠢᠭᠤᠯᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠤ᠂ ᠤᠯᠤᠰ ᠤᠨ ᠭᠠᠵᠠᠷ ᠰᠢᠷᠣᠢ ᠶᠢ ᠲᠠᠲᠠᠪᠤᠷᠢᠯᠠᠭᠰᠠᠨ ᠨᠥᠬᠦᠪᠦᠷᠢ ᠰᠦᠢᠳᠬᠡᠯ ᠢ ᠮᠡᠬᠡᠯᠡᠨ ᠠᠪᠤᠭᠰᠠᠨ ᠪᠠᠶᠢᠪᠠᠯ᠂ ᠬᠠᠤᠯᠢ ᠪᠤᠰᠤ ᠪᠠᠷ ᠣᠯᠣᠭᠰᠠᠨ ᠣᠯᠵᠠ ᠠᠰᠢᠭ ᠢ ᠨᠢ ᠬᠠᠤᠯᠢ ᠶᠣᠰᠣᠭᠠᠷ ᠬᠤᠷᠢᠶᠠᠨ ᠠᠪᠤᠨ᠎ᠠ᠃ ᠮᠡᠬᠡᠯᠡᠨ ᠠᠪᠤᠭᠰᠠᠨ ᠲᠤᠭ᠎ᠠ ᠬᠡᠮᠵᠢᠶ᠎ᠡ ᠨᠢ 5000 ᠲᠥᠭᠦᠷᠢᠭ ᠲᠤ ᠬᠦᠷᠬᠦ ᠦᠭᠡᠢ ᠪᠠᠶᠢᠪᠠᠯ᠂ ᠮᠠᠨ ᠤ ᠤᠯᠤᠰ ᠤᠨ ︽ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠎ ᠶᠢᠨ ᠳᠥᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠦᠷ ᠬᠤᠷᠢᠬᠤ ᠪᠤᠶᠤ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠢᠶᠠᠷ ᠰᠢᠢᠳᠬᠡᠨ᠎ᠡ᠃ ᠲᠤᠭ᠎ᠠ ᠬᠡᠮᠵᠢᠶ᠎ᠡ ᠨᠢ 5000 ᠲᠥᠭᠦᠷᠢᠭ ᠠᠴᠠ ᠬᠡᠲᠦᠷᠡᠭᠰᠡᠨ ᠪᠠᠶᠢᠪᠠᠯ᠂ ︽ᠡᠷᠡᠭᠦᠦ ᠶᠢᠨ ᠬᠠᠤᠯᠢ︾᠎ ᠶᠢᠨ ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠮᠡᠬᠡᠯᠡᠭᠰᠡᠨ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠤᠯᠤᠰ ᠤᠨ ᠠᠵᠢᠯᠲᠠᠨ ᠤ ᠵᠠᠪᠳᠤᠨ ᠲᠡᠷᠢᠵᠦ ᠵᠠᠪᠳᠤᠨ ᠪᠠᠶᠢᠭᠤᠯᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠶᠢ ᠡᠰᠡᠷᠭᠦᠴᠡᠵᠦ᠂ ᠬᠠᠷᠰᠢᠯᠠᠭᠰᠠᠨ ᠪᠠᠶᠢᠪᠠᠯ᠂ ︽ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ  ᠰᠢᠢᠳᠭᠡᠯ ᠤᠨ ᠬᠠᠤᠯᠢ︾᠎ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠦᠷ ᠬᠤᠷᠢᠬᠤ ᠪᠤᠶᠤ ᠵᠣᠭᠤᠰ ᠢᠶᠠᠷ ᠲᠣᠷᠭᠠᠬᠤ ᠪᠠᠷ  ᠰᠢᠢᠳᠭᠡᠨ᠎ᠡ ᠃  ︽ᠡᠷᠡᠭᠦᠦ ᠶᠢᠨ ᠬᠠᠤᠯᠢ︾᠎ ᠶᠢᠨ ᠬᠤᠶᠠᠷ ᠵᠠᠭᠤ ᠳᠠᠯᠠᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠠᠯᠪᠠᠨ ᠠᠵᠢᠯ ᠢ ᠬᠠᠷᠰᠢᠯᠠᠭᠰᠠᠨ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠥᠷᠭᠡᠨ ᠣᠯᠠᠨ ᠮᠠᠯᠴᠢᠨ ᠲᠠᠷᠢᠶᠠᠴᠢᠨ ᠬᠡᠷᠪᠡ ᠳᠡᠭᠡᠷᠡᠬᠢ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠲᠡᠷᠡ ᠳᠠᠷᠤᠢ ᠳᠤᠨᠢ ᠵᠣᠭᠰᠤᠭᠠᠬᠤ ᠬᠡᠷᠡᠭᠲᠡᠢ᠂ ᠰᠣᠬᠤᠷ ᠪᠠᠯᠠᠢ ᠪᠠᠷ ᠵᠠᠪᠳᠤᠨ ᠵᠠᠶᠢᠯᠠᠬᠤ᠂ ᠵᠠᠪᠳᠤᠨ ᠳᠠᠷᠢᠬᠤ᠂ ᠵᠠᠪᠳᠤᠨ ᠪᠠᠶᠢᠭᠤᠯᠵᠤ ᠶᠠᠭᠠᠬᠢᠭᠰᠠᠨ ᠴᠤ ᠪᠣᠯᠬᠤ ᠦᠭᠡᠢ᠂ ᠬᠤᠬᠢᠷᠠᠯ ᠢ ᠶᠡᠬᠡᠳᠬᠡᠬᠦ ᠠᠴᠠ ᠵᠠᠶᠢᠯᠠᠰᠬᠢᠬᠦ ᠬᠡᠷᠡᠭᠲᠡᠢ︔ ᠨᠢᠭᠡᠨᠲᠡ ᠭᠠᠵᠠᠷ ᠳᠡᠭᠡᠷᠡᠬᠢ ᠳᠠᠭᠠᠯᠲᠠ ᠶᠠᠭᠤᠮ᠎ᠠ ᠪᠣᠯᠤᠭᠰᠠᠨ ᠪᠠᠶᠢᠪᠠᠯ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠭᠤᠴᠠᠭ᠎ᠠ ᠲᠣᠭᠲᠠᠭᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠳᠠᠭᠠᠭᠠᠯᠭᠠᠵᠤ ᠥᠪᠡᠷ ᠢᠶᠠᠨ ᠴᠡᠪᠡᠷᠯᠡᠭᠦᠯᠦᠨ᠎ᠡ᠃ ᠬᠤᠭᠤᠴᠠᠭ᠎ᠠ ᠬᠡᠲᠦᠷᠡᠲᠡᠯ᠎ᠡ ᠠᠷᠢᠯᠭᠠᠭᠰᠠᠨ ᠦᠭᠡᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠠᠯᠪᠠᠳᠠᠨ ᠠᠷᠢᠯᠭᠠᠭᠤᠯᠤᠨ᠎ᠠ᠃ ᠵᠠᠪᠳᠤᠨ ᠵᠠᠶᠢᠯᠠᠭᠰᠠᠨ᠂ ᠵᠠᠪᠳᠤᠨ ᠳᠠᠷᠢᠭᠰᠠᠨ᠂ ᠵᠠᠪᠳᠤᠨ ᠪᠠᠷᠢᠭᠰᠠᠨ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠᠷ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠨᠥᠬᠦᠪᠦᠷᠢ ᠰᠦᠢᠳᠬᠡᠯ ᠢ ᠮᠡᠬᠡᠯᠡᠨ ᠠᠪᠤᠭᠰᠠᠨ ᠪᠠᠶᠢᠪᠠᠯ᠂ ᠬᠠᠤᠯᠢ ᠪᠤᠰᠤ ᠣᠯᠵᠠ ᠠᠰᠢᠭ ᠢ ᠨᠢ ᠬᠠᠤᠯᠢ ᠶᠣᠰᠣᠭᠠᠷ ᠬᠤᠷᠢᠶᠠᠨ ᠠᠪᠤᠨ᠎ᠠ᠃ ᠲᠤᠭ᠎ᠠ ᠬᠡᠮᠵᠢᠶ᠎ᠡ ᠨᠢ ᠯᠤᠲᠤ ᠶᠡᠭᠡ ᠪᠠᠶᠢᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠳᠥᠷᠪᠡ᠂ ᠡᠯ᠎ᠡ ᠪᠠᠯᠭᠠᠰᠤ ᠭᠠᠵᠠᠷ ᠰᠢᠷᠣᠢ ᠪᠠᠨ ᠦᠨᠡᠨᠬᠦ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠵᠤ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠬᠠᠤᠯᠢ ᠶᠢ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠠᠵᠢᠯᠯᠠᠭ᠎ᠠ ᠶᠢ ᠴᠠᠭ ᠲᠤᠬᠠᠢ ᠳᠤᠨᠢ ᠵᠣᠭᠰᠤᠭᠠᠬᠤ ᠶᠢᠨ ᠬᠠᠮᠲᠤ ᠬᠤᠰᠢᠭᠤᠨ ᠎ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠡᠯ᠎ᠡ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠣᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠭᠰᠡᠨ ᠦᠶᠯᠡ ᠠᠵᠢᠯᠯᠠᠭ᠎ᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠭᠲᠣᠬᠠᠨ ᠴᠤ ᠢᠯᠳᠠᠷ ᠬᠠᠶᠠᠵᠤ ᠪᠣᠯᠬᠤ ᠦᠭᠡᠢ᠃ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠠᠯᠪᠠ ᠬᠠᠰᠢᠵᠤ ᠠᠮᠠ ᠪᠥᠭᠯᠡᠭᠡᠳ ᠤᠢ ᠰᠢᠭᠤᠢ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠦᠨᠳᠦ ᠨᠣᠴᠢᠲᠠᠢ ᠡᠪᠳᠡᠭᠰᠡᠨ ᠪᠠᠶᠢᠪᠠᠯ᠂ ᠬᠤᠯᠪᠣᠭᠳᠠᠯ ᠪᠦᠬᠦᠢ ᠪᠠᠯᠭᠠᠰᠤ ᠪᠠ ᠰᠠᠯᠠᠭ᠎ᠠ ᠮᠥᠴᠢᠷ ᠤᠨ ᠠᠵᠢᠯᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃       ᠲᠠᠪᠤ᠂ ᠥᠷᠭᠡᠨ ᠣᠯᠠᠨ ᠠᠷᠠᠳ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ᠂ ᠢᠯᠡᠴᠢᠯᠡᠨ ᠮᠡᠳᠡᠭᠦᠯᠵᠦ᠂ ᠨᠤᠲᠤᠭ ᠪᠡᠯᠴᠢᠭᠡᠷ ᠤᠨ ᠣᠶ ᠰᠢᠭᠤᠢ ᠶᠢᠨ ᠡᠬᠢ ᠪᠠᠶᠠᠯᠢᠭ ᠢ ᠬᠠᠮᠲᠤᠪᠠᠷ ᠬᠠᠮᠠᠭᠠᠯᠠᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠶᠢ ᠬᠦᠷᠢᠶᠡᠯᠡᠨ᠎ᠡ᠃ ᠡᠭᠦᠨ ᠤ ᠵᠡᠷᠭᠡᠪᠡᠷ᠂ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠨ᠎ᠠ᠃      ᠢᠯᠡᠴᠢᠯᠡᠨ ᠮᠡᠳᠡᠭᠦᠯᠬᠦ ᠤᠲᠠᠰᠤ᠄       ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 0477 ︱ 8969055       ᠡᠵᠡᠨ ᠬᠤᠷᠤᠭ᠎ᠠ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ 0477 ︱ 8966129᠂ 8681254       ᠤᠯᠠᠭᠠᠨᠮᠦ᠋ᠷᠡᠨ ᠪᠠᠯᠭᠠᠰᠤ 0477 ︱ 8928232       ᠠᠯᠳᠠᠨᠰᠢᠷᠡᠭᠡ ᠪᠠᠯᠭᠠᠰᠤ 0477-8969155       ᠡᠵᠡᠨ ᠬᠤᠷᠤᠭ᠎ᠠ ᠪᠠᠯᠭᠠᠰᠤ 0477-8961032       ᠵᠠᠰᠠᠭ ᠪᠠᠯᠭᠠᠰᠤ 0477- 8951014       ᠨᠠᠷᠢᠨᠳᠤᠬᠤᠢ ᠪᠠᠯᠭᠠᠰᠤ 0477 ︱ 8871066       ᠬᠤᠨᠢᠴᠢᠨᠭᠤᠤᠯ ᠪᠠᠯᠭᠠᠰᠤ 0477 — 8821044       ᠰᠤᠪᠤᠷᠭ᠎ᠠ ᠪᠠᠯᠭᠠᠰᠤ 0477-8831248                                   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                                            2023 ᠣᠨ ᠤ 4 ᠰᠠᠷ᠎ᠠ ᠶᠢᠨ 10᠎ ᠤ ᠡᠳᠦᠷ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ