ᠡᠵᠡᠨ ᠬᠤᠷᠤᠭ᠎ᠠ ᠬᠤᠰᠢᠭᠤ ︽ᠵᠣᠯ ᠵᠢᠷᠭᠠᠯᠳᠤ ᠰᠤᠷᠭᠠᠨ ᠬᠥᠮᠦᠵᠢᠯ︾᠎ ᠢ ᠪᠥᠬᠦ ᠬᠦᠴᠦᠨ ᠢᠶᠠᠷ ᠢᠶᠠᠨ ᠴᠤᠭᠴᠠᠯᠠᠵᠤ ᠪᠣᠶ
ᠨᠡᠶᠢᠲᠡᠯᠡᠭᠰᠡᠨ ᠴᠠᠭ᠄
2023/4/20
     ᠡᠵᠡᠨ ᠬᠤᠷᠤᠭ᠎ᠠ ᠬᠤᠰᠢᠭᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠤᠷᠢᠲᠠᠯ ᠪᠣᠯᠭᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠵᠣᠷᠢᠯᠲᠠ ᠪᠤᠯᠭᠠᠨ᠂ ᠰᠤᠷᠭᠠᠨ ᠬᠥᠮᠦᠵᠢᠯ ᠤᠨ ᠬᠥᠭᠵᠢᠯᠲᠡ ᠶᠢ ᠭᠦᠨᠵᠡᠭᠡᠶ ᠠᠬᠢᠭᠤᠯᠵᠤ᠂ ︽ᠵᠣᠯ ᠵᠢᠷᠭᠠᠯᠲᠤ ᠰᠤᠷᠭᠠᠨ ᠬᠥᠮᠦᠵᠢᠯ︾᠎ ᠢ ᠪᠥᠬᠦ ᠬᠦᠴᠦᠨ ᠢᠶᠠᠷ ᠢᠶᠠᠨ ᠴᠤᠭᠴᠠᠯᠠᠵᠤ ᠪᠠᠶᠢᠨ᠎ᠠ᠃     ᠤᠳᠤᠬᠠᠨ ᠳᠤ᠂ ᠡᠵᠡᠨ ᠬᠤᠷᠤᠭ᠎ᠠ ᠬᠤᠰᠢᠭᠤᠨ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 60 ᠪᠠᠶᠢᠵᠤ᠂ ᠡᠭᠦᠨ ᠳᠤ 22 ᠪᠠᠭ᠎ᠠ ᠰᠤᠷᠭᠠᠭᠤᠯᠢ ᠶᠢᠨ ᠲᠤᠳᠤᠷ᠎ᠠ ᠠᠴᠠ 16 ᠪᠠᠭ᠎ᠠ ᠰᠤᠷᠭᠠᠭᠤᠯᠢ ᠨᠢ ᠦᠳᠡ ᠶᠢᠨ ᠬᠤᠭᠤᠯᠠ ᠪᠠ ᠦᠳᠡ ᠶᠢᠨ ᠠᠮᠠᠷᠠᠯᠲᠠ ᠶᠢᠨ ᠤᠶᠢᠯᠡᠴᠢᠯᠡᠭᠡ ᠬᠠᠩᠭᠠᠵᠤ᠂ 8 ᠳᠤᠮᠳᠠᠳᠤ ᠰᠤᠷᠭᠠᠭᠤᠯᠢ ᠨᠢ ᠪᠥᠬᠦ ᠰᠤᠷᠤᠭᠴᠢᠳ ᠤᠨ ᠰᠤᠷᠭᠠᠭᠤᠯᠢ ᠳᠤ ᠰᠠᠭᠤᠬᠤ ᠪᠠ ᠬᠤᠭᠤᠯᠠ ᠢᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠪᠤᠯᠤᠮᠵᠢ ᠶᠢ ᠪᠦᠷᠢᠯᠳᠤᠬᠦᠯᠪᠠ᠃ ᠪᠣᠶ ᠪᠥᠬᠦᠶ ᠳᠤᠮᠳᠠᠳᠤ ᠪᠠᠭ᠎ᠠ ᠰᠤᠷᠭᠠᠭᠤᠯᠢ ᠴᠥᠮ ᠰᠤᠷᠤᠭᠴᠢᠳ ᠲᠤ ᠰᠢᠨᠵᠢᠯᠡᠬᠦ ᠤᠬᠠᠭᠠᠨᠴᠢ ᠰᠢᠮ᠎ᠡ ᠲᠡᠵᠢᠭᠡᠯᠲᠦ ᠢᠳᠡᠭᠡᠨ ᠤᠮᠳᠠᠭᠠᠨ ᠢ ᠲᠤᠬᠢᠷᠠᠭᠤᠯᠵᠤ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠡᠷᠡᠭᠦᠯ ᠬᠠᠮᠠᠭᠠᠯᠠᠯ ᠰᠢᠮ᠎ᠡ ᠲᠡᠵᠢᠭᠡᠯ ᠲᠠᠢ ᠪᠠᠶᠢᠬᠤ ᠶᠢ ᠦᠨᠡᠨ ᠬᠦ ᠪᠠᠲᠤᠯᠠᠪᠠ᠃     ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠯᠢᠦ ᠵᠢᠶᠠᠨ ᠵᠢᠶᠦ᠋ᠨ ᠰᠤᠷᠪᠤᠯᠵᠢᠯᠠᠭᠴᠢ ᠳᠤ ᠄《ᠰᠤᠷᠭᠠᠨ ᠬᠥᠮᠦᠵᠢᠯ ᠤᠨ ᠤᠶᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠡᠷ ᠤᠨ ᠠᠬᠠᠮᠠᠳ ᠤᠨ ᠳᠠᠷᠤᠭᠠᠰᠤ ᠶᠢ ᠬᠦᠩᠭᠡᠷᠡᠬᠦᠯᠦᠨ᠂ ᠬᠤᠤᠰ ᠠᠵᠢᠯᠲᠠᠨ ᠠᠵᠢᠯᠴᠢᠨ ᠤ ᠬᠡᠷ ᠪᠦᠯᠢ ᠶᠢᠨ ᠦᠷ᠎ᠡ ᠬᠡᠦᠬᠡᠳ ᠢ ᠲᠤᠰᠴᠤ ᠬᠦᠷᠭᠡᠬᠦ ᠵᠢᠴᠢ ᠦᠳᠡ ᠶᠢᠨ ᠬᠤᠭᠤᠯᠠ᠂ ᠦᠳᠡ ᠶᠢᠨ ᠠᠮᠠᠷᠠᠯᠲᠠ ᠶᠢᠨ ᠠᠰᠠᠭᠤᠳᠠᠯ ᠢ ᠰᠢᠢᠳᠪᠤᠷᠢᠯᠡᠵᠦ᠂ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠥᠯᠥᠭᠡ᠂ 2023 ᠣᠨ ᠳᠤ᠂ ᠮᠠᠨ ᠤ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ᠂ ᠲᠡᠭᠡᠳᠤ ᠭᠤᠤᠯ ᠤᠨ ᠲᠤᠬᠤᠢ ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ ᠳᠤ ᠬᠤᠭᠤᠯᠠᠨ ᠬᠡᠷ᠂ ᠪᠠᠶᠢᠷᠢ ᠶᠢᠨ ᠬᠡᠷ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠶᠢᠨ ᠴᠢᠳᠠᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠰᠤᠷᠤᠭᠴᠢᠳ ᠤᠨ ᠬᠤᠭᠤᠯᠠ ᠬᠤᠨᠤᠭ ᠤᠨ ᠬᠡᠷᠡᠭᠴᠡᠭᠡ ᠶᠢ ᠬᠠᠩᠭᠠᠪᠠ᠃ ᠡᠨᠡ ᠵᠢᠯ ᠤᠨ ᠡᠴᠦᠰ ᠪᠣᠯᠬᠤ ᠳᠤ᠂ ᠪᠥᠬᠦ ᠬᠤᠰᠢᠭᠤᠨ ᠤ 30 ᠳᠤᠮᠳᠠᠳᠤ ᠪᠠᠭ᠎ᠠ ᠰᠤᠷᠭᠠᠭᠤᠯᠢ ᠪᠥᠬᠦ ᠣᠷᠣᠨ ᠤ ᠬᠡᠪᠴᠢᠶᠡᠨ ᠳᠤ ᠤᠷᠢᠳᠠᠪᠠᠷ ᠰᠤᠷᠭᠠᠭᠤᠯᠢ ᠶᠢᠨ ᠦᠳᠡ ᠶᠢᠨ ᠬᠤᠭᠤᠯᠠ᠂ ᠦᠳᠡ ᠶᠢᠨ ᠠᠮᠠᠷᠠᠯᠲᠠ ᠶᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠵᠦ᠂ ᠰᠤᠷᠤᠭᠴᠢᠳ ᠤᠨ ᠰᠤᠷᠭᠠᠭᠤᠯᠢ ᠶᠢᠨ ᠦᠳᠡ ᠶᠢᠨ ᠬᠤᠭᠤᠯᠠ᠂ ᠦᠳᠡ ᠶᠢᠨ ᠠᠮᠠᠷᠠᠯᠲᠠ ᠶᠢᠨ ᠱᠠᠭᠠᠷᠳᠠᠯᠭ᠎ᠠ ᠶᠢ ᠬᠠᠩᠭᠠᠬᠤ  ᠪᠣᠯᠤᠨ᠎ᠠ 》 ᠭᠡᠪᠡ᠃     ᠰᠤᠷᠤᠭᠴᠢ ᠶᠢ ᠬᠠᠶᠢᠷᠠᠯᠠᠬᠤ ᠳᠤ ᠵᠢᠵᠢᠭ ᠰᠠᠵᠢᠭ ᠵᠤᠶᠢᠯ ᠠᠴᠠ ᠡᠬᠢᠯᠡᠨ ᠬᠢᠨ᠎ᠠ᠃ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ᠂ ᠬᠢᠴᠢᠶᠡᠯ ᠤᠨ ᠬᠡᠷ ᠲᠠᠬᠢ ᠨᠢᠳᠦ  ᠬᠠᠮᠠᠭᠠᠯᠠᠬᠤ ᠲᠤᠰᠬᠠᠶ ᠳ᠋ᠧᠩ ᠨᠢ ᠡᠷᠡᠭᠦᠯ ᠮᠡᠨᠳᠦ ᠣᠶᠤᠨᠯᠢᠭ ᠪᠠᠶᠢᠵᠤ᠂ ᠰᠢᠭᠤᠳ ᠣᠣᠭᠤᠵᠦ ᠪᠤᠯᠬᠤ ᠤᠰᠤ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠭᠰᠠᠨ ᠨᠢ ᠪᠠᠭᠰᠢ ᠰᠤᠷᠤᠭᠴᠢᠳ ᠤᠨ ᠰᠠᠨᠠᠭ᠎ᠠ ᠠᠮᠤᠷ᠂ ᠠᠮᠤᠷ ᠲᠦᠪᠰᠢᠨ ᠤᠰᠤ ᠤᠤᠭᠤᠬᠤ ᠶᠢ ᠪᠡᠶᠡᠯᠡᠬᠦᠯᠪᠡ᠃     ᠬᠡᠷ ᠤᠨ ᠠᠬᠠᠮᠠᠳ ᠭᠤᠤ ᠴᠦᠡᠭ ᠰᠤᠷᠪᠤᠯᠵᠢᠯᠠᠭᠴᠢ ᠳᠤ᠄ ︽ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ ᠨᠢ ᠴᠥᠮ ᠪᠦᠷᠢᠨ ᠲᠡᠭᠦᠯᠳᠡᠷ ᠪᠠᠶᠢᠵᠤ᠂ ᠬᠡᠷ ᠤᠨ ᠠᠬᠠᠮᠠᠳ ᠪᠣᠯᠤᠨ ᠪᠠᠭᠰᠢ ᠶᠢᠨ ᠬᠤᠭᠤᠷᠣᠨᠳᠣᠬᠢ ᠨᠡᠪᠲᠡᠷᠡᠯᠴᠡᠭᠡ ᠤᠷᠤᠭᠰᠢᠲᠠᠶ᠂ ᠮᠠᠰᠢ ᠰᠠᠨᠠᠭ᠎ᠠ ᠠᠮᠤᠷ ᠪᠠᠶᠢᠨ᠎ᠠ︾ ᠭᠡᠮᠡᠨ ᠰᠡᠳᠬᠢᠯ ᠬᠠᠨᠤᠮᠵᠢᠳᠠᠢ ᠶᠠᠷᠢᠵᠤ ᠪᠠᠶᠢᠯ᠎ᠠ᠃     ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠰᠤᠷᠭᠠᠨ ᠬᠥᠮᠦᠵᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢᠶᠠᠨ ᠲᠠᠰᠤᠷᠠᠯᠲᠠ ᠥᠬᠡᠶ  ᠲᠡᠭᠡᠭᠰᠢᠯᠡᠬᠦᠯᠦᠨ᠂ 2018 ᠣᠨ ᠠᠴᠠ ᠨᠠᠭᠠᠰᠢ᠂ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠨᠢ ᠨᠡᠶᠢᠲᠡ 55 . 17 ᠳ᠋ᠦᠩᠰᠢᠭᠤᠷ ᠲᠥᠭᠦᠷᠢᠭ ᠲᠤ ᠬᠦᠷᠴᠦ᠂ 2017 ᠣᠨ ᠤ ᠵᠢᠯ ᠤᠨ ᠡᠴᠦᠰ ᠤᠨ ᠬᠢ ᠲᠠᠢ ᠬᠠᠷᠢᠴᠠᠭᠤᠯᠪᠠᠯ᠂ 2022 ᠣᠨ ᠤ ᠵᠢᠯ ᠤᠨ ᠡᠴᠦᠰ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠨᠡᠮᠡᠭᠳᠡᠯ ᠨᠢ 52 %᠎ ᠳᠤ ᠬᠦᠷᠴᠡᠶ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠤᠯᠬᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠤᠨ ᠭᠡᠷᠡᠯᠲᠦᠭᠦᠯᠭᠡ ᠶᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠰᠢᠭᠤᠳ ᠤᠤᠭᠤᠵᠦ ᠪᠤᠯᠬᠤ ᠤᠰᠤᠨ ᠤ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠬᠦᠯᠪᠡ᠃ ᠬᠢᠴᠢᠶᠡᠯ ᠤᠨ ᠳᠠᠷᠠᠭᠠᠬᠢ ᠤᠶᠢᠯᠡᠴᠢᠯᠡᠭᠡᠨ ᠤ ᠶᠠᠰᠤ ᠴᠢᠨᠠᠷ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠲᠠᠯᠠᠪᠤᠷ ᠭᠠᠵᠠᠷ᠂ ᠪᠠᠭᠰᠢ ᠶᠢᠨ ᠡᠩᠨᠡᠭᠡ᠂ ᠬᠢᠴᠢᠶᠡᠯ ᠤᠨ ᠬᠠᠮᠢᠶᠠᠷᠤᠯᠲᠠ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠬᠢᠴᠢᠶᠡᠯ ᠤᠨ ᠳᠠᠷᠠᠭᠠᠬᠢ ᠤᠶᠢᠯᠡᠴᠢᠯᠡᠭᠡᠨ ᠤ ᠲᠦᠯᠤᠪᠯᠡᠭᠡ ᠶᠢ ᠨᠠᠶᠢᠷᠠᠭᠤᠯᠤᠨ ᠵᠣᠬᠢᠶᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠨ ᠪᠦᠬᠦᠨ ᠢᠶᠠᠷ ᠢᠶᠠᠨ ᠬᠢᠴᠢᠶᠡᠯ ᠤᠨ ᠳᠠᠷᠠᠭᠠᠬᠢ ᠤᠶᠢᠯᠡᠴᠢᠯᠡᠭᠡ ᠬᠠᠩᠭᠠᠵᠤ᠂ ᠰᠤᠷᠤᠭᠴᠢᠳ ᠤᠨ ᠣᠷᠣᠯᠴᠠᠭᠰᠠᠨ ᠨᠣᠷᠮ᠎ᠠ 99 . 3 %᠎ ᠳᠤ ᠬᠥᠷᠪᠡ᠃     ᠣᠳᠣᠬᠠᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠪᠠ ᠪᠠᠬᠢᠵᠢᠭᠦᠯᠬᠦ ᠨᠣᠷᠮ᠎ᠠ ᠴᠥᠮ 100 % ᠎ ᠳᠤ ᠬᠦᠷᠪᠡ᠃ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠣᠯᠪᠠᠰᠤᠷᠠᠯ ᠤᠨ ᠰᠠᠭᠤᠷᠢᠨ ᠭᠠᠵᠠᠷ 6 ᠪᠠᠶᠢᠵᠤ᠂ ᠳᠤᠮᠳᠠ ᠵᠢᠵᠢᠭ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ 185᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ 74 . 7 ᠺᠢᠯᠣᠮᠧᠲᠷ ᠪᠠᠶᠢᠵᠤ᠂ ᠬᠤᠲᠠ ᠶᠢᠨ ᠭᠤᠤᠯ ᠲᠣᠭᠤᠷᠢᠭ ᠲᠤ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠠᠶᠢᠭᠤᠯᠵᠤ᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ 3 . 71 ᠲᠡᠭᠰᠢ ᠳᠥᠷᠪᠡᠯᠵᠢᠨ ᠮᠧᠲᠷ᠂ ᠪᠡᠶ᠎ᠡ ᠶᠢᠨ ᠲᠠᠮᠢᠷ ᠳᠤ ᠤᠷᠤᠯᠴᠠᠬᠤ ᠬᠥᠮᠦᠨ ᠠᠮᠠ ᠶᠢᠨ ᠡᠵᠡᠯᠡᠬᠦ ᠬᠠᠷᠢᠴᠠᠯ 44 . 6 %᠎ ᠳᠤ ᠬᠦᠷᠴᠦ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠤᠨᠤᠭ ᠲᠦᠬᠦᠭᠡᠷᠤᠮᠵᠢ ᠶᠢ ᠬᠤᠲᠠ ᠬᠥᠳᠡᠭᠡ ᠳᠤ ᠪᠦᠷᠢᠨ ᠪᠥᠷᠬᠦᠭᠦᠯᠪᠡ ᠃ 2022 ᠣᠨ ᠳᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠦ᠂ ᠣᠨᠴᠠᠭᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠥᠪ ᠢ 1 ᠪᠠᠶᠢᠭᠤᠯᠵᠤ᠂ 3 ᠰᠤᠷᠭᠠᠭᠤᠯᠢ ᠳᠤ ᠣᠨᠴᠠᠭᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠢᠴᠢᠶᠡᠯ ᠤᠨ ᠭᠡᠷ ᠢ ᠪᠠᠶᠢᠭᠤᠯᠪᠠ᠃ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ 98 . 7 %᠎ ᠠᠴᠠ ᠳᠡᠭᠡᠭᠰᠢ ᠳᠤ ᠬᠦᠷᠦᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 89 %᠎ ᠠᠴᠠ ᠳᠡᠭᠡᠭᠰᠢ ᠳᠤ ᠬᠦᠷᠤᠬᠦᠯᠪᠡ᠃     ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠰᠢ ᠱᠠᠨ ᠳᠤᠮᠳᠠᠳᠤ ᠰᠤᠷᠭᠠᠭᠤᠯᠢ᠂ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ 7 ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 1360 ᠰᠤᠷᠤᠭᠴᠢ ᠶᠢᠨ ᠰᠤᠷᠤᠯᠭ᠎ᠠ ᠶᠢᠨ ᠤᠷᠤᠨ ᠲᠤᠭ᠎ᠠ ᠶᠢ ᠰᠢᠨ᠎ᠡ ᠪᠠᠷ ᠨᠡᠮᠡᠭᠳᠡᠭᠦᠯᠦᠨ᠎ᠡ︔ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ 12 ᠰᠤᠷᠭᠠᠭᠤᠯᠢ ᠶᠢᠨ ᠲᠠᠭᠠᠯᠳᠠ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ︔ ᠵᠠᠯᠠᠭᠤᠴᠤᠳ ᠪᠠᠭᠠᠴᠤᠳ ᠤᠨ ᠶᠡᠷᠦᠩᠬᠡᠶᠢᠯᠡᠭᠰᠡᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠠᠩᠬᠠᠨ ᠤ ᠬᠥᠮᠦᠵᠢᠯ ᠤᠨ ᠲᠥᠪ ᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ︽ᠲᠠᠪᠤ ᠶᠢ ᠬᠥᠮᠦᠵᠢᠭᠦᠯᠬᠦ︾᠎ ᠶᠢ ᠵᠡᠷᠭᠡᠪᠡᠷ ᠴᠢᠬᠤᠯᠠᠴᠢᠯᠠᠵᠤ ᠬᠥᠮᠦᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠰᠠᠨᠠᠯ ᠢ ᠲᠣᠭᠲᠠᠭᠠᠨ ᠨᠡᠶᠢᠲᠡᠯᠡᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠶᠢ ᠨᠢᠭᠡ ᠰᠡᠳᠬᠢᠯ ᠢᠶᠠᠷ ᠪᠢᠴᠢᠭ ᠵᠢᠭᠠᠵᠤ᠂ ᠰᠡᠳᠬᠢᠯ ᠰᠢᠭᠤᠳᠤᠨ ᠬᠥᠮᠦᠨ ᠢ ᠬᠥᠮᠦᠵᠢᠭᠦᠯᠵᠦ᠂ ᠵᠣᠯ ᠵᠢᠷᠭᠠᠯ ᠲᠠᠢ ᠠᠮᠢᠳᠤᠷᠠᠭᠤᠯᠤᠨ᠎ᠠ᠃           
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ