ᠡᠵᠡᠨ ᠬᠤᠷᠤᠭ᠎ᠠ ᠬᠤᠰᠢᠭᠤ᠄ ᠠᠩᠬᠢᠯᠤᠮ᠎ᠠ ᠢᠩᠭᠡᠨ ᠤ ᠰᠦ ᠠᠴᠠ ᠬᠠᠩᠬᠤᠯᠤᠭᠰᠠᠨ ᠪᠠᠶᠠᠵᠢᠯ ᠤᠨ ᠬᠠᠷᠭᠤᠢ
ᠨᠡᠶᠢᠲᠡᠯᠡᠭᠰᠡᠨ ᠴᠠᠭ᠄
2023/4/26
     ︽ᠰᠢᠬᠤᠶ ᠶᠢᠨ ᠰᠦᠮ᠎ᠡ ᠭᠠᠴᠠᠭᠠᠨ ᠤ ᠳᠠᠭᠠᠭᠠᠴᠢᠯᠠᠨ ᠬᠤᠯᠪᠤᠭᠠᠯᠠᠬᠤ ᠨᠢᠭᠡᠴᠢ ᠪᠣᠯᠤᠭᠰᠠᠨ ᠤ ᠬᠤᠪᠢ ᠳᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ ᠢᠳᠡᠪᠬᠢᠲᠡᠶ ᠴᠤᠭᠯᠠᠭᠤᠯᠵᠤ᠂ ︿ᠲᠣᠰᠬᠤᠨ ᠤ ᠬᠠᠮᠲᠤ ᠶᠢᠨ ᠠᠵᠤ ᠠᠬᠤᠶ ᠶᠢᠨ ᠺᠣᠮᠫᠠᠨᠢ + ᠨᠠᠮ ᠤᠨ ᠡᠭᠦᠷ + ᠮᠠᠯᠴᠢᠨ ᠲᠠᠷᠢᠶᠠᠴᠢᠨ ᠤ ᠬᠤᠷᠰᠢᠶ᠎ᠠ﹀᠎ ᠶᠢᠨ ᠵᠠᠭᠪᠤᠷ ᠢᠶᠠᠷ ᠮᠧᠩ ᠲᠦᠸᠧ ᠹᠸᠡᠭ ᠰᠠᠭᠠᠯᠢ ᠶᠢᠨ ᠤᠶᠢᠯᠡᠰ ᠢ ᠣᠷᠣᠭᠤᠯᠤᠨ ᠠᠪᠴᠢᠷᠠᠵᠤ᠂ ᠬᠥᠳᠡᠭᠡ ᠲᠣᠰᠬᠤᠨ ᠤ ᠠᠵᠤ ᠦᠢᠯᠡᠰᠵᠢᠭᠰᠡᠨ ᠬᠥᠭᠵᠢᠯᠲᠡ ᠳᠤ ᠬᠦᠴᠦᠨ ᠨᠡᠮᠡᠷᠢᠯᠡᠪᠡ︾ ᠭᠡᠮᠡᠨ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠡᠵᠡᠨ ᠬᠤᠷᠤᠭ᠎ᠠ ᠪᠠᠯᠭᠠᠰᠤᠨ ᠤ  ᠰᠢᠬᠤᠢ ᠶᠢᠨ ᠰᠦᠮ᠎ᠡ ᠭᠠᠴᠠᠭᠠᠨ ᠤ ᠨᠢᠭᠡᠳᠦᠭᠡᠷ ᠱᠦᠵᠢ ᠪᠠᠷ ᠲᠤᠮᠢᠯᠠᠬᠰᠠᠨ ᠰᠠᠮᠵᠠᠶᠢᠵᠠᠪ ᠶᠠᠷᠢᠵᠤ ᠪᠠᠶᠢᠯ᠎ᠠ᠃     ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠤᠤᠷ᠎ᠠ᠂ ᠰᠢᠬᠤᠢ ᠶᠢᠨ ᠰᠦᠮ᠎ᠡ ᠭᠠᠴᠠᠭ᠎ᠠ ᠪᠣᠯᠤᠨ ᠥᠪᠥᠷ ᠮᠣᠩᠭᠤᠯ ᠤᠨ ᠨᠠᠷᠠᠮᠠᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤ ᠪᠠᠷ ᠪᠠᠯᠠ ᠣᠷᠣᠭᠤᠯᠤᠨ ᠢᠩᠭᠡᠨ ᠤ ᠰᠦ ᠶᠢ ᠨᠠᠷᠢᠯᠢᠭ ᠡᠳ᠋ᠰᠢᠭᠦᠯᠬᠦ ᠤᠶᠢᠯᠡᠳᠪᠤᠷᠢᠯᠡᠯ ᠤᠨ ᠤᠶᠢᠯᠡᠳᠪᠤᠷᠢ ᠪᠠᠶᠢᠭᠤᠯᠵᠤ᠂ ᠭᠤᠤᠯᠳᠠᠭᠤ  ᠢᠩᠭᠡᠨ ᠤ ᠬᠤᠭᠤᠷᠮᠠᠭ ᠂ ᠢᠩᠭᠡᠨ ᠤ ᠰᠦ ᠤᠶᠢᠯᠡᠳᠪᠤᠷᠢᠯᠡᠵᠦ ᠪᠠᠶᠢᠨ᠎ᠠ᠃     2022 ᠣᠨ ᠳᠤ᠂ ᠰᠢᠬᠤᠢ ᠶᠢᠨ ᠰᠦᠮ᠎ᠡ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠶᠡᠷᠦᠩᠬᠡᠶ ᠬᠡᠮᠵᠢᠶ᠎ᠡ 22 ᠲᠦᠮᠡᠨ ᠲᠥᠭᠦᠷᠢᠭ ᠢ ᠳᠠᠪᠠᠪᠠ᠃ ᠭᠠᠴᠠᠭ᠎ᠠ ᠠᠴᠠ 90 %᠎ ᠶᠢᠨ ᠠᠰᠢᠭ  ᠤᠷᠤᠯᠭ᠎ᠠ ᠶᠢ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠭᠡᠷᠡᠭᠯᠡᠵᠦ᠂ 10 %᠎ ᠶᠢᠨ ᠠᠰᠢᠭ ᠤᠷᠤᠯᠭ᠎ᠠ ᠶᠢ ᠵᠠᠬ᠎ᠠ ᠬᠢᠵᠠᠭᠠᠷ ᠤᠨ ᠡᠷᠦᠬᠡ᠂ ᠬᠦᠨᠳᠦ ᠡᠪᠡᠳᠴᠢᠲᠡᠨ ᠲᠠᠢ ᠡᠷᠦᠬᠡ᠂ ᠬᠦᠴᠢᠷᠳᠡᠯᠲᠡᠶ ᠤᠶᠤᠲᠠᠳ ᠪᠣᠯᠤᠨ ᠪᠠᠭᠤᠷᠠᠶᠢᠴᠤᠤᠯ ᠤᠨ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠪᠤᠷᠠᠨ ᠲᠤᠰᠠᠯᠠᠬᠤ ᠵᠢᠴᠢ ᠦᠨ᠎ᠡ ᠲᠥᠯᠥᠪᠦᠷᠢ ᠲᠠᠢ ᠪᠠᠷ ᠶᠠᠳᠠᠭᠤ ᠬᠦᠴᠢᠷᠳᠡᠯᠲᠡᠶ ᠡᠷᠦᠬᠡ ᠶᠢ ᠲᠡᠳᠬᠦᠨ ᠳᠡᠮᠵᠢᠵᠦ ᠪᠠᠶᠢᠭᠠᠳ ᠠᠵᠤ ᠤᠶᠢᠯᠡᠰ ᠪᠠ ᠤᠶᠢᠯᠡᠳᠪᠤᠷᠢᠯᠡᠯ᠂ ᠠᠮᠢᠳᠤᠷᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ ᠵᠠᠷᠤᠯᠭ᠎ᠠ ᠶᠢ ᠬᠥᠭᠵᠢᠭᠦᠯᠬᠦ ᠶᠢᠨ ᠬᠠᠮᠲᠤ᠂ ᠶᠠᠳᠠᠭᠤ ᠬᠦᠴᠢᠷᠳᠡᠯᠲᠡᠶ ᠡᠷᠦᠬᠡ ᠶᠢᠨ ᠬᠦᠰᠡᠯ ᠰᠠᠨᠠᠭ᠎ᠠ ᠪᠠ ᠲᠣᠰ ᠪᠡᠶ᠎ᠡ ᠶᠢᠨ ᠡᠵᠡᠮᠰᠢᠭᠰᠡᠨ ᠤᠷ᠎ᠠ ᠴᠢᠳᠠᠪᠤᠷᠢ ᠪᠠᠨ ᠦᠨᠳᠦᠰᠦᠯᠡᠨ ᠶᠠᠳᠠᠭᠤ ᠬᠦᠴᠢᠷᠳᠡᠯᠲᠡᠶ ᠡᠷᠦᠬᠡ ᠶᠢ ᠤᠷᠢᠳᠠᠪᠠᠷ ᠠᠵᠢᠯ ᠤᠯᠭᠤᠬᠰᠠᠨ ᠪᠠᠶᠢᠨ᠎ᠠ᠃      ᠣᠳᠣᠬᠠᠨ ᠳᠤ᠂ ᠰᠢᠬᠤᠶ ᠶᠢᠨ ᠰᠦᠮ᠎ᠡ ᠭᠠᠴᠠᠭ᠎ᠠ ᠨᠢᠭᠡᠨᠲᠡ ᠬᠥᠳᠡᠯᠮᠦᠷᠢ ᠤᠶᠢᠯᠡᠴᠢᠯᠡᠭᠡᠨ ᠤ ᠺᠣᠮᠫᠠᠨᠢ᠂ ᠮᠧᠩ ᠲᠦᠸᠧ ᠹᠧᠩ ᠰᠠᠭᠠᠯᠢ ᠶᠢᠨ ᠤᠶᠢᠯᠡᠰ ᠪᠣᠯᠤᠨ ᠰᠦ ᠶᠢᠨ ᠤᠶᠢᠯᠡᠳᠪᠤᠷᠢᠯᠡᠯ ᠤᠨ ᠲᠠᠰᠤᠭ ᠵᠡᠷᠭᠡ ᠠᠵᠤ  ᠤᠶᠢᠯᠡᠰ ᠲᠠᠢ ᠪᠤᠯᠵᠦ᠂ ᠲᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠰᠢᠨ᠎ᠡ ᠵᠠᠭᠪᠤᠷ ᠢ ᠰᠦᠪᠡᠭᠴᠢᠯᠡᠨ ᠬᠥᠭᠵᠢᠭᠦᠯᠵᠦ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠬᠤ ᠪᠣᠯᠤᠨ᠎ᠠ᠃                   
ᠢᠷᠡᠯᠲᠡ᠄ ᠡᠵᠡᠨ ᠬᠤᠷᠤᠭ᠎ᠠ ᠪᠠᠯᠭᠠᠰᠤ