| 4 ᠳ᠋ᠤᠭᠡᠷ ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠥ᠋ ᠶᠦᠨ ᠪᠥᠬᠦ ᠬᠤᠰᠢᠭᠤᠨ ᠤ | ᠠᠶᠤᠯᠭᠦᠶ ᠤᠶᠢᠯᠡᠳᠪᠤᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠯᠬᠦᠮ ᠲᠠᠭᠠᠭᠤᠯᠤᠨ ᠲᠤᠬᠠᠶ ᠶᠢᠨ ᠲᠠᠯᠠᠪᠠᠶ ᠳᠤ ᠨᠡᠭᠦᠷᠡᠰᠦᠨ ᠠᠭᠤᠷᠬᠠᠶ ᠶᠢᠨ | ᠠᠶᠤᠯᠭᠦᠶ ᠤᠶᠢᠯᠡᠳᠪᠤᠷᠢᠯᠡᠯ ᠤᠨ ᠠᠵᠢᠯ ᠢ ᠪᠠᠶᠢᠴᠠᠭᠠᠪᠠ᠃ | ᠬᠤᠷᠠᠯ ᠠᠴᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠱᠠᠲᠤᠨ ᠤ | ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠬᠠᠮᠢᠶ᠎ᠠ ᠪᠦᠬᠦᠢ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠰᠤᠷᠭᠠᠮᠵᠢ ᠠᠪᠴᠤ᠂ ᠲᠤᠷᠰᠢᠯᠭ᠎ᠠ ᠪᠠᠨ ᠳ᠋ᠦᠩᠨᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠦᠢᠯᠡᠳᠪᠦᠷᠢ ᠠᠭᠤᠷᠬᠠᠢ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠬᠤᠳᠠ | ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠦᠷᠢᠶᠡᠯᠡᠩ ᠲᠣᠭᠤᠷᠢᠭ᠂ ᠭᠠᠯ ᠰᠡᠷᠭᠡᠶᠢᠯᠡᠬᠦ ᠭᠠᠯ ᠤᠨᠲᠠᠷᠠᠭᠠᠬᠤ | ᠵᠡᠷᠭᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠪᠡ᠃ | ᠬᠤᠷᠠᠯ ᠤᠨ ᠳᠠᠷᠠᠭ᠎ᠠ᠂ ᠦ᠋ ᠶᠦᠨ ᠶᠢᠨ ᠨᠠ ᠯᠢᠨ ᠨᠡᠭᠦᠷᠡᠰᠦᠨ ᠠᠭᠤᠷᠬᠠᠶ ᠳᠤ ᠭᠦᠨᠵᠡᠭᠡᠶᠢᠷᠡᠨ ᠬᠠᠵᠠᠭᠤ ᠶᠢᠨ ᠬᠥᠲᠥᠯ ᠢ ᠵᠠᠰᠠᠭᠰᠠᠨ᠂ ᠬᠡᠮ ᠰᠣᠭᠤᠭ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠭᠰᠠᠨ ᠪᠥᠭᠡᠳ ᠯᠢᠶᠤᠤ ᠶᠤᠸᠠᠨ ᠨᠡᠭᠦᠷᠡᠰᠦᠨ ᠠᠭᠤᠷᠬᠠᠶ ᠶᠢᠨ ᠠᠶᠤᠯᠬᠦᠢ ᠤᠶᠢᠯᠡᠳᠪᠤᠷᠢᠯᠡᠯ ᠤᠨ | ᠠᠵᠢᠯ ᠢ ᠲᠠᠭᠠᠤ ᠳᠤᠨᠢ ᠪᠠᠶᠢᠴᠠᠭᠠᠪᠠ᠃ ᠥ᠋ ᠶᠦᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠡᠬᠡ | ᠲᠠᠩᠰᠠ ᠶᠢ ᠨᠠᠷᠢᠨ ᠪᠠᠶᠢᠴᠠᠭᠠᠨ ᠦᠵᠡᠵᠦ᠂ ᠠᠭᠤᠷᠬᠠᠶ ᠶᠢᠨ ᠳᠠᠷᠤᠭ᠎ᠠ ᠶᠢᠨ ᠲᠠᠭᠠᠭᠤᠯᠤᠨ ᠵᠢᠵᠢᠬᠦᠷᠯᠡᠭᠰᠡᠨ ᠲᠡᠮᠳᠡᠭᠯᠡᠯ ᠢ ᠨᠠᠷᠢᠨ ᠬᠠᠷᠭᠤᠭᠤᠯᠵᠤ᠂ ᠬᠢᠨᠠᠨ | ᠡᠵᠡᠮᠳᠡᠬᠦ ᠨᠢ ᠪᠠᠯᠠᠷᠬᠠᠶ᠂ ᠵᠢᠵᠢᠭᠦᠷᠯᠡᠭᠰᠡᠨ ᠡᠳᠦᠷ ᠬᠤᠭᠤᠴᠠᠭ᠎ᠠ ᠨᠢ ᠪᠤᠷᠤᠭᠤᠳᠠᠭᠰᠠᠨ ᠵᠡᠷᠭᠡ ᠠᠰᠠᠭᠤᠳᠠᠯ ᠢ ᠢᠯᠡᠷᠡᠭᠦᠯᠵᠦ᠂ ᠳᠠᠷᠦ᠋ᠢᠬᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠦ᠋ ᠶᠦᠨ ᠴᠢᠬᠤᠯᠠᠴᠢᠯᠠᠬᠤ ᠳᠠᠭᠠᠨ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠣᠯᠤᠨ | ᠠᠵᠢᠯᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠨ᠂ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠰᠡᠷᠡᠮᠵᠢᠯᠡᠭᠦᠯᠬᠦ ᠬᠥᠮᠦᠵᠢᠯ ᠪᠣᠯᠤᠨ ᠠᠮᠤᠷ ᠲᠦᠪᠰᠢᠨ ᠤ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠤᠨ ᠪᠠᠶᠢᠷᠢ ᠶᠢᠨ ᠠᠵᠢᠯᠲᠠᠳ ᠤᠨ ᠠᠵᠢᠯᠯᠠᠬᠤ | ᠮᠡᠷᠭᠡᠵᠢᠯ ᠴᠢᠳᠠᠪᠤᠷᠢ᠂ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ ᠭᠡᠰᠡᠨ ᠪᠠᠶᠢᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠬᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤᠷᠤᠯᠴᠠᠪᠠ᠃ | |