ᠶᠤᠸᠠᠨ ᠵᠢᠩ ᠬᠥᠳᠡᠯᠭᠡᠭᠴᠢ ᠬᠦᠴᠦᠨ ᠤ ᠤᠶᠤᠨᠲᠤ ᠳ᠋ᠢᠶᠠᠨ ᡂᠢ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2023/4/28
     4 ᠳ᠋ᠤᠭᠡᠷ ᠰᠠᠷ᠎ᠠ ᠶᠢᠨ 27᠎ ᠤ ᠡᠳᠦᠷ᠂ ᠶᠤᠸᠠᠨ ᠵᠢᠩ ᠬᠥᠳᠡᠯᠭᠡᠭᠴᠢ ᠬᠦᠴᠦᠨ ᠤ ᠤᠶᠤᠨᠲᠤ ᠳ᠋ᠢᠶᠠᠨ ᡂᠢ ᠶᠢᠨ ᠠᠵᠤ ᠤᠶᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠤᠶᠢᠯ ᠮᠧᠩ ᠰᠦ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠤᠶᠢᠯᠡᠰ ᠤᠨ ᠬᠦᠷᠢᠶᠡᠯᠡᠩ ᠳᠤ ᠪᠠᠷᠢᠯᠭ᠎ᠠ ᠡᠬᠢᠯᠡᠪᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠥᠷᠥᠯ ᠵᠤᠶᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠥ᠋ ᠶᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠠᠨ ᠵᠢᠶᠦ᠋ᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠢᠶᠠᠨ ᠹᠧᠨ ᠴᠢᠩ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠶᠤᠸᠠᠨ ᠵᠢᠩ ᠬᠦᠳᠡᠯᠭᠡᠭᠴᠢ ᠬᠦᠴᠤᠨ ᠤ ᠳᠤᠮᠳᠠᠳᠤ ᠤᠯᠤᠰ ᠤᠨ ᠣᠷᠣᠨ ᠤ ᠶᠡᠷᠦᠩᠬᠡᠶ ᠵᠠᠬᠢᠷᠤᠯ ᠵᠣᠣ ᠸᠧᠶ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠶ ᠵᠢᠶᠠᠨ ᠭᠠᠩ ᠲᠣᠰ ᠲᠣᠰ ᠪᠠᠶᠠᠷ ᠤᠨ ᠦᠭᠡ ᠬᠡᠯᠡᠪᠡ᠃ ᠬᠤᠲᠠ ᠂ ᠬᠤᠰᠢᠭᠤᠨ ᠤ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃     ᠶᠤᠸᠠᠨ ᠵᠢᠩ ᠪᠦᠯᠦᠭᠯᠡᠯ ᠪᠣᠯ ᠮᠠᠨ ᠤ ᠬᠤᠰᠢᠭᠤᠨ ᠤ ︽ᠰᠠᠯᠬᠢ ᠭᠡᠷᠡᠯ ᠤᠰᠤᠲᠥ᠋ᠷᠥᠭᠴᠢ ᠡᠨᠧᠷᠬᠢ ᠬᠠᠳᠠᠭᠠᠯᠠᠬᠤ ᠲᠡᠷᠭᠡ︾᠎ ᠶᠢᠨ ᠠᠵᠤ ᠦᠢᠯᠡᠰ ᠤᠨ ᠬᠡᠯᠬᠢᠶᠡᠵᠢᠯ ᠳᠡᠭᠡᠷᠡᠬᠢ ᠠᠩᠬᠠᠳᠠᠭᠴᠢ ᠠᠰᠢᠭᠯᠠᠯᠲᠠ ᠳᠤ ᠣᠷᠣᠭᠰᠠᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ᠎ᠠ᠂ ᠮᠥᠨᠴᠦ ᠣᠷᠳᠣᠰ ᠤᠨ ᠨᠡᠬᠦᠷᠡᠰᠤᠳᠦ᠋ᠷᠦᠭᠴᠢ ᠦᠯᠤ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤᠮᠳᠠᠬᠢ ᠴᠢᠬᠤᠯᠠ ᠣᠷᠣᠯᠴᠠᠭᠴᠢ ᠪᠠᠶᠢᠵᠤ᠂ ᠠᠵᠤ ᠦᠢᠯᠡᠰ ᠢᠶᠠᠷ ᠳᠠᠶᠢᠴᠢᠯᠠᠬᠤ ᠪᠠ ᠬᠡᠯᠬᠢᠶᠡᠲᠦ ᠠᠵᠤ ᠠᠬᠤᠶᠢᠯᠠᠯ ᠢ ᠰᠢᠩᠭᠡᠭᠡᠨ ᠠᠪᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠬᠦᠯᠪᠠ᠃ ᠲᠣᠰ ᠤᠳᠠᠭ᠎ᠠ ᠪᠠᠷᠢᠯᠭ᠎ᠠ ᠡᠬᠢᠯᠡᠭᠦᠯᠦᠭᠰᠡᠨ ᠬᠤᠶᠠᠳᠤᠭᠠᠷ ᠬᠤᠭᠤᠴᠠᠭᠠᠨ ᠤ ᠲᠥᠷᠥᠯ ᠵᠤᠶᠢᠯ ᠨᠢ 20 GWh ᠬᠥᠳᠡᠯᠭᠡᠬᠦ ᠬᠦᠴᠦᠨ ᠵᠢᠴᠢ ᠡᠨᠧᠷᠭᠢ ᠬᠠᠳᠠᠭᠠᠯᠠᠬᠤ ᠳ᠋ᠢᠶᠠᠨ ᡂᠢ ᠶᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠠᠰᠢᠭᠯᠠᠯᠲᠠ ᠳᠤ ᠤᠷᠤᠭᠰᠠᠨ ᠤ ᠳᠠᠷᠠᠭ᠎ᠠ ᠨᠢᠬᠡᠳᠦᠭᠡᠷ ᠬᠤᠭᠤᠴᠠᠭᠠᠨ ᠤ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ 10 . 5 GWh᠎ ᠲᠠᠢ ᠬᠠᠮᠳᠤ᠂ ᠵᠢᠯ ᠤᠨ ᠤᠶᠢᠯᠡᠳᠬᠦᠨ ᠤ ᠥᠷᠲᠡᠭ ᠨᠢ 360 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 18 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 5000 ᠰᠢᠬᠠᠮ ᠬᠥᠮᠦᠨ ᠳᠤ ᠠᠵᠢᠯ ᠤᠯᠭᠤᠨ᠂ ᠵᠠᠭᠤᠨ GWh ᠡᠨᠧᠷᠭᠢ ᠬᠠᠳᠠᠭᠠᠯᠠᠬᠤ ᠬᠡᠪᠴᠢᠶ᠎ᠡ ᠶᠢ ᠲᠦᠷᠭᠡᠳᠬᠡᠨ ᠪᠡᠶᠡᠯᠡᠭᠦᠯᠬᠦ ᠪᠣᠯᠤᠨ᠎ᠠ᠃                  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ