ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ᠄ ︽ᠰᠣᠶᠣᠯ + ᠵᠢᠭᠤᠯᠴᠢᠯᠠᠯ︾᠎ ᠨᠢ ᠦᠵᠡᠮᠵᠢ ᠶᠢᠨ ᠣᠷᠣᠨ ᠤ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2023/4/4
      ᠣᠶᠢᠷ᠎ᠠ ᠶᠢᠨ ᠵᠢᠯ ᠤᠳ ᠲᠤ᠂ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠰᠣᠶᠣᠯ ᠵᠢᠭᠤᠯᠴᠢᠯᠠᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠢ ᠳᠣᠪᠤᠶᠢᠯᠭᠠᠨ᠂ ᠣᠷᠣᠨ ᠪᠦᠰᠡ ᠶᠢᠨ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠣᠶᠣᠯ ᠵᠢᠭᠤᠯᠴᠢᠯᠠᠯ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃      ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠴᠢᠩᠭᠢᠰ ᠬᠠᠭᠠᠨ ᠤ ᠪᠣᠳᠠᠰ ᠤᠨ ᠪᠤᠰᠤ ᠰᠣᠶᠣᠯ ᠤᠨ ᠥᠪ ᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠢᠩᠭᠢᠰ ᠬᠠᠭᠠᠨ ᠤ ᠡᠷᠲᠡᠨ ᠤ ᠲᠤᠯᠭᠤᠷ ᠪᠢᠴᠢᠭ ᠤᠨ 30 ᠭᠠᠷᠤᠶ ᠴᠤᠪᠤᠷᠠᠯ ᠪᠢᠴᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠬᠥᠭᠵᠢᠭᠦᠯᠵᠦ᠂ ᠡᠮᠬᠢᠳᠬᠡᠨ ᠬᠡᠪᠯᠡᠭᠦᠯᠵᠦ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢᠨ ᠠᠭᠤᠯᠭ᠎ᠠ ᠪᠠ ᠶᠤᠰᠤ ᠭᠤᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠵᠦ᠂ ᠴᠢᠩᠭᠢᠰ ᠬᠠᠭᠠᠨ ᠤ ︽ᠳᠥᠷᠪᠡᠨ ᠤᠯᠠᠷᠢᠯ ᠤᠨ ᠶᠡᠭᠡ ᠲᠠᠶᠢᠯᠭ᠎ᠠ︾᠎ ᠳᠤ ᠲᠦᠰᠢᠭᠯᠡᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠬᠢᠭᠡᠳ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠠᠭᠤᠰᠤᠯᠴᠠᠯ ᠤᠨ ᠦᠷ᠎ᠡ ᠪᠦᠲᠦᠭᠡᠯ ᠢ ᠬᠦᠢᠴᠡᠳ ᠢᠯᠡᠷᠡᠭᠦᠯᠪᠡ᠃ 20 ᠭᠠᠷᠤᠢ ᠵᠦᠢᠯ ᠤᠨ ᠦᠨᠳᠦᠰᠦᠲᠡᠨ ᠤ ᠣᠨᠴᠠᠯᠢᠭ ᠪᠦᠬᠦᠢ ᠰᠣᠶᠣᠯ ᠤᠨ ᠰᠢᠨ᠎ᠡ ᠡᠭᠦᠳᠦᠯᠲᠡ ᠶᠢᠨ ᠦᠢᠯᠡᠳᠬᠦᠨ ᠢ ᠰᠢᠨ᠎ᠡ ᠪᠠᠷ ᠡᠭᠦᠳᠦᠨ ᠭᠠᠷᠭᠠᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ  ᠵᠢᠭᠤᠯᠴᠢᠯᠠᠬᠰᠠᠳ ᠤᠨ ᠬᠡᠷᠡᠭᠴᠡᠭᠡ ᠶᠢ ᠬᠠᠩᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠪᠣᠳᠠᠲᠤ ᠠᠮᠢᠳᠤᠷᠠᠯ ᠯᠦᠭᠡ ᠠᠭᠤᠰᠤᠯᠴᠠᠭᠤᠯᠵᠤ᠂ ᠰᠣᠶᠣᠯ ᠢ ᠬᠠᠮᠠᠭᠠᠯᠠᠬᠤ᠂ ᠰᠣᠶᠣᠯ ᠢ ᠬᠥᠭᠵᠢᠭᠦᠯᠬᠦ᠂ ᠰᠣᠶᠣᠯ ᠬᠢᠭᠡᠳ ᠵᠢᠭᠤᠯᠴᠢᠯᠠᠯ ᠢ ᠠᠭᠤᠰᠤᠯᠴᠠᠭᠤᠯᠬᠤ ᠬᠠᠷᠢᠯᠴᠠᠨ ᠠᠬᠢᠭᠤᠯᠬᠤ ᠰᠢᠨ᠎ᠡ ᠠᠷᠭ᠎ᠠ ᠵᠠᠮ ᠢ ᠠᠯᠬᠤᠮ ᠠᠯᠬᠤᠮ ᠢᠶᠠᠷ ᠨᠡᠭᠡᠭᠡᠭᠰᠡᠨ ᠪᠠᠶᠢᠨ᠎ᠠ᠃      ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠳᠡᠭᠡᠭᠰᠢᠯᠡᠭᠦᠯᠵᠦ᠂  ᠵᠢᠭᠤᠯᠴᠢᠯᠠᠬᠰᠠᠳ ᠤᠨ ᠰᠠᠶᠢᠨ ᠰᠠᠶᠢᠬᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠣᠯᠠᠨ ᠶᠠᠩᠵᠤ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠰᠢᠨ᠎ᠡ ᠪᠠᠷ ᠡᠭᠦᠳᠦᠨ ᠭᠠᠷᠭᠠᠵᠤ᠂ ᠵᠢᠭᠤᠯᠴᠢᠯᠠᠬᠰᠠᠳ ᠤᠨ ᠰᠣᠶᠣᠯ ᠤᠨ ᠮᠡᠳᠡᠷᠡᠮᠵᠢ ᠶᠢ ᠲᠠᠰᠤᠷᠠᠯᠲᠠ ᠥᠬᠡᠶ ᠨᠡᠮᠡᠭᠳᠡᠬᠦᠯᠪᠡ᠃ ︽ᠤᠷᠳᠤᠰ ᠬᠤᠷᠢᠮ︾᠎ ᠢ ᠢᠳᠡᠪᠬᠢᠲᠡᠢ ᠴᠣᠭᠴᠠᠯᠠᠵᠤ᠂ ᠠᠳᠤᠭᠤᠨ ᠰᠣᠶᠣᠯ ᠤᠨ ᠨᠠᠶᠢᠷ ᠵᠡᠷᠭᠡ  ᠦᠨᠳᠤᠰᠤᠳᠡᠨ ᠤ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢ ᠦᠷᠭᠦᠯᠵᠢᠯᠡᠭᠦᠯᠵᠦ᠂ ︽ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ᠂ ︽ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ︾᠂ ︽ᠬᠠᠶᠢᠷᠠᠲᠤ ᠨᠠᠮ︾ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠨᠢᠮᠪᠠᠢ ᠨᠠᠶᠢᠷᠠᠭᠤᠯᠵᠤ᠂ ︽ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠨᠠᠮ ᠢᠶᠠᠨ ᠳᠠᠭᠠᠨ᠎ᠠ︾  ᠭᠡᠮᠡᠬᠦ ᠬᠤᠪᠢᠰᠬᠠᠯᠲᠤ ᠭᠤᠣᠯ ᠰᠡᠳᠦᠪᠲᠦ ᠦᠳᠡᠰᠢᠯᠡᠭᠡ ᠶᠢ ᠵᠣᠬᠢᠶᠠᠨ ᠪᠠᠶᠢᠭᠤᠯᠤᠨ ᠤᠷᠳᠤᠰ ᠵᠦᠴᠦᠭᠡ ᠶᠢᠨ ᠬᠦᠷᠢᠶᠡᠯᠡᠩ ᠳᠤ ᠲᠣᠭᠯᠠᠯᠲᠠ ᠭᠠᠷᠭᠠᠵᠤ᠂ ᠤᠯᠠᠮᠵᠢᠯᠠᠯᠲᠤ ᠪᠠᠶᠠᠷ ᠤᠨ ᠡᠳᠦᠷ ᠪᠣᠯᠤᠨ ᠴᠢᠬᠤᠯᠠ ᠳᠤᠷᠠᠰᠬᠠᠯ ᠤᠨ ᠡᠳᠦᠷ ᠢ ᠭᠦᠢᠴᠡᠳ ᠠᠰᠢᠭᠯᠠᠨ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠨ᠎ᠠ᠃ 2022 ᠣᠨ ᠠᠴᠠ ᠨᠠᠭᠠᠰᠢ᠂ ᠰᠠᠨᠠᠭᠠᠴᠢᠯᠠᠭ᠎ᠠ ᠠᠴᠠ ᠪᠠᠨ ᠪᠠᠶᠢᠭᠤᠯᠭ᠎ᠠ᠂ ᠨᠡᠶᠢᠭᠡᠮ ᠲᠣᠭᠤᠷᠢᠭ ᠵᠡᠷᠭᠡ ᠲᠠᠯᠠᠪᠤᠷ ᠲᠤ ᠬᠦᠷᠴᠦ ᠤᠷᠠᠨ ᠰᠠᠶᠢᠬᠠᠨ ᠤ ᠲᠣᠭᠯᠠᠯᠲᠠ᠂ ᠨᠣᠮ ᠤᠩᠰᠢᠯᠭ᠎ᠠ ᠶᠢᠨ ᠠᠵᠢᠯᠯᠠᠭ᠎ᠠ ᠵᠡᠷᠭᠡ ᠶᠢ 50 ᠲᠠᠯᠠᠪᠤᠷ ᠤᠳᠠᠭ᠎ᠠ ᠦᠷᠨᠢᠬᠦᠯᠤᠨ᠂ ᠨᠢᠭᠡ ᠰᠠᠭᠤᠷᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠵᠡᠷᠭᠡ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ ᠰᠤᠳᠤᠯᠤᠨ ᠰᠤᠷᠤᠯᠴᠠᠬᠤ ᠵᠡᠷᠭᠡ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠠᠰ ᠳᠠᠪᠬᠤᠷᠭ᠎ᠠ ᠪᠠ ᠠᠭᠤᠯᠤᠭᠳᠠᠬᠤᠨ ᠢ ᠤᠯᠠᠮ ᠨᠢᠭᠡ ᠠᠯᠬᠤᠮ  ᠲᠡᠭᠡᠭᠰᠢᠯᠡᠬᠦᠯᠪᠡ᠃      ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠵᠢᠭᠤᠯᠴᠢᠯᠠᠯ ᠤᠨ  ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠪᠡ᠃ 5 A ᠲᠠᠰ ᠤᠨ ᠦᠵᠡᠮᠵᠢ ᠶᠢᠨ ᠣᠷᠣᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠬᠡᠷᠡᠭᠵᠢᠭᠦᠯᠬᠦ ᠶᠢᠨ ᠬᠠᠮᠲᠤ᠂ ᠵᠢᠭᠤᠯᠴᠢᠯᠠᠯ ᠤᠨ ᠲᠤᠭᠠᠴᠢᠯᠠᠯᠳᠠ᠂ ᠤᠶᠤᠨᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠶ ᠰᠦᠪᠡᠭᠴᠢᠯᠡᠵᠦ᠂ ᠵᠢᠭᠤᠯᠴᠢᠯᠠᠯ ᠤᠨ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠣᠶᠤᠨᠴᠢ ᠵᠢᠭᠤᠯᠴᠢᠯᠠᠯ ᠬᠢᠭᠡᠳ ᠲᠣᠭᠠᠴᠢᠯᠠᠭᠰᠠᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠤᠨ ᠦᠢᠯᠡᠴᠢᠯᠡᠭᠡ᠂ ᠠᠵᠢᠯᠯᠠᠭᠠᠨ ᠢ ᠬᠢᠨᠠᠨ ᠡᠵᠡᠮᠳᠡᠬᠦ᠂ ᠠᠰᠠᠭᠤᠨ ᠯᠠᠪᠯᠠᠬᠤ ᠦᠢᠯᠡᠴᠢᠯᠡᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠴᠢᠳᠠᠮᠵᠢ ᠶᠢ ᠨᠢᠭᠡ ᠴᠣᠠᠠᠴᠠᠵᠢᠭᠤᠯᠥᠠᠠᠰᠠᠨ ︽ᠲᠣᠮᠣ ᠳ᠋ᠠᠶᠢᠲ᠋ᠠ︾᠎ ᠶᠢᠨ ᠬᠠᠮᠢᠶᠠᠷᠤᠯᠲᠠ ᠡᠵᠡᠩᠨᠡᠯᠲᠡ ᠶᠢᠨ ᠲᠠᠪᠴᠠᠩ ᠢ ᠪᠠᠶᠢᠭᠤᠯᠵᠤ᠂ ᠦᠵᠡᠮᠵᠢ ᠶᠢᠨ ᠣᠷᠣᠨ ᠤ ᠪᠢᠯᠧᠲ ᠪᠠᠶᠢᠴᠠᠭᠠᠬᠤ ᠶᠢᠨ ᠤᠶᠤᠨᠴᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠲᠠᠶᠢᠯᠤᠮᠵᠢ ᠶᠢᠨ  ᠦᠢᠯᠡᠴᠢᠯᠡᠭᠡᠨ ᠤ ︽ᠡᠭᠦᠯᠡᠨ ᠵᠠᠬᠢᠶᠠᠯᠠᠭ᠎ᠠ︾᠎ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠪᠤᠢ ᠪᠤᠯᠭᠠᠬᠰᠠᠨ ᠪᠠᠶᠢᠨ᠎ᠠ ᠃ ︽ᠢᠨᠲ᠋ᠧᠷ ᠰᠦᠯᠵᠢᠶ᠎ᠡ +︾᠎ ᠶᠢ ᠰᠠᠶᠢᠲᠤᠷ ᠠᠰᠢᠭᠯᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠠᠩ ᠥᠷᠭᠡᠨ ᠨᠠᠩ ᠭᠦᠨ ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠ ᠰᠢᠨ᠎ᠡ ᠵᠠᠭᠪᠤᠷ ᠢ ᠬᠥᠭᠵᠢᠭᠦᠯᠦᠨ᠂ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ︽ᠭᠠᠷ ᠤᠲᠠᠰᠤᠨ ᠤ ᠡᠭᠦᠯᠡᠨ ᠵᠢᠭᠤᠯᠴᠢᠯᠠᠯ ᠤᠨ ᠦᠵᠡᠮᠵᠢ ᠶᠢᠨ ᠣᠷᠣᠨ︾᠎ ᠤ ᠲᠥᠷᠥᠯ ᠵᠦᠢᠯ ᠤᠨ ᠰᠢᠨ᠎ᠡ ᠶᠢ ᠡᠭᠦᠳᠦᠨ ᠨᠡᠭᠡᠭᠡᠵᠦ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢᠶᠠᠷ ᠳᠠᠮᠵᠢᠭᠤᠯᠤᠨ ᠤᠶᠤᠨᠲᠤ ᠦᠵᠡᠮᠵᠢ ᠶᠢᠨ ᠣᠷᠣᠨ ᠢ ᠪᠠᠶᠢᠭᠤᠯᠵᠤ᠂ ᠬᠡᠷᠡᠭᠯᠡᠭᠴᠢᠳ ᠲᠤ ᠨᠠᠩ ᠣᠯᠠᠨ ᠳᠥᠭᠦᠮ ᠳᠥᠲᠡ ᠲᠠᠭᠠᠯᠠᠮᠵᠢᠲᠠᠶ ᠦᠢᠯᠡᠴᠢᠯᠡᠭᠡ ᠪᠠ  ᠦᠢᠯᠡᠳᠬᠦᠨ ᠢ ᠬᠠᠩᠭᠠᠬᠰᠠᠨ ᠪᠠᠶᠢᠨ᠎ᠠ ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ