| ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠥ᠋ ᠶᠦᠨ ᠵᠠᠬᠢᠳᠠᠯ ᠰᠤᠷᠪᠤᠯᠵᠢᠯᠠᠭ᠎ᠠ ᠬᠢᠬᠦ | ᠪᠠᠷ ᠪᠣᠯᠵᠣᠵᠤ ᠳᠣᠷᠣᠭᠰᠢ ᠪᠠᠭᠤᠨ ᠰᠤᠷᠪᠤᠯᠵᠢᠯᠠᠭᠰᠠᠨ ᠪᠥᠭᠡᠳ ᠵᠠᠬᠢᠳᠠᠯ ᠰᠤᠷᠪᠤᠯᠵᠢᠯᠠᠭ᠎ᠠ ᠶᠢᠨ ᠵᠤᠶᠢᠯᠡᠰ ᠢ ᠰᠢᠢᠳᠪᠤᠷᠢᠯᠡᠭᠰᠡᠨ ᠪᠠᠶᠢᠳᠠᠯ ᠢ ᠲᠤᠰᠬᠠᠶ ᠰᠡᠳᠦᠪ ᠢᠶᠠᠷ | ᠲᠣᠬᠢᠷᠠᠭᠤᠯᠪᠠ᠃ | 5 ᠳ᠋ᠤᠭᠠᠷ ᠰᠠᠷ᠎ᠠ ᠶᠢᠨ 15 ᠤ ᠡᠳᠦᠷ᠂ ᠦ᠋ ᠶᠦᠨ ᠨᠠᠷᠢᠨᠲᠣᠬᠤᠢ ᠪᠠᠯᠭᠠᠰᠤᠨ ᠳᠤ ᠬᠦᠷᠴᠦ ᠬᠡᠷᠡᠭ ᠲᠤ ᠴᠢᠭᠯᠡᠭᠦᠯᠦᠨ ᠳᠣᠷᠣᠭᠰᠢ ᠪᠠᠭᠤᠨ ᠰᠤᠷᠪᠤᠯᠵᠢᠯᠠᠬᠤ | ᠠᠵᠢᠯᠯᠠᠭ᠎ᠠ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠲᠠᠢ ᠪᠣᠯᠵᠣᠨ ᠠᠭᠤᠯᠵᠠᠵᠤ᠂ ᠭᠤᠮᠣᠳᠠᠯ ᠲᠤᠭᠠᠴᠠᠯᠲᠠ ᠶᠢ ᠨᠠᠷᠢᠨ ᠬᠢᠨᠠᠮᠠᠭᠠᠶ ᠰᠣᠨᠣᠰᠴᠤ᠂ | ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠤᠷᠢᠯᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠣᠯᠠᠨ ᠲᠠᠢ ᠬᠠᠮᠲᠤ ᠪᠠᠷ ᠰᠢᠢᠳᠪᠤᠷᠢᠯᠡᠬᠦ ᠲᠥᠰᠦᠯ ᠢ ᠵᠠᠳᠠᠯᠤᠨ | ᠰᠤᠳᠤᠯᠪᠠ᠃ ᠲᠡᠷᠡ᠂ ᠬᠠᠷᠢᠶ᠎ᠠ ᠭᠠᠵᠠᠷ ᠤᠨ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠶ ᠲᠦᠷᠭᠡᠨ | ᠲᠤᠰᠬᠠᠯ ᠭᠠᠷᠭᠠᠵᠤ᠂ ᠬᠠᠮᠢᠶ᠎ᠠ ᠪᠥᠬᠦᠶ ᠮᠠᠲ᠋ᠧᠷᠢᠶᠠᠯ ᠤᠨ ᠲᠠᠩᠰᠠ ᠡᠪᠬᠡᠮᠡᠯ ᠢ ᠡᠷᠢᠵᠦ᠂ ᠠᠰᠠᠭᠤᠳᠠᠯ ᠤᠨ ᠡᠬᠢ ᠰᠤᠷᠪᠤᠯᠵᠢ ᠶᠢ ᠪᠠᠶᠢᠴᠠᠭᠠᠨ ᠳᠣᠲᠣᠯᠠᠵᠤ᠂ ︽ | ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠤᠷᠢᠯᠡᠬᠦ︾ ᠵᠠᠷᠴᠢᠮ ᠢ ᠦᠨᠳᠦᠰᠦᠯᠡᠨ᠂ ᠬᠠᠤᠯᠢ ᠲᠣᠭᠲᠠᠭᠠᠯ ᠶᠣᠰᠣᠭᠠᠷ ᠣᠯᠠᠨ ᠲᠦᠮᠡᠨ ᠤ ᠵᠦᠶ ᠵᠣᠬᠢᠰᠲᠠᠶ | ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠠᠶᠢᠲᠤᠷ ᠰᠢᠢᠳᠪᠤᠷᠢᠯᠡᠬᠦ ᠬᠡᠷᠡᠭᠲᠡᠶ ᠭᠡᠵᠦ ᠱᠠᠭᠠᠷᠳᠠᠪᠠ᠃ | 5 ᠳ᠋ᠤᠭᠠᠷ ᠰᠠᠷ᠎ᠠ ᠶᠢᠨ 18 ᠤ ᠡᠳᠦᠷ᠂ ᠥ᠋ ᠶᠦᠨ ᠬᠤᠷᠠᠯ ᠡᠷᠭᠢᠯᠡᠨ ᠬᠤᠷᠠᠯᠳᠤᠭᠤᠯᠵᠤ᠂ ᠨᠤᠷᠠᠭᠠᠨ ᠨᠡᠬᠦᠯᠭᠡᠭᠰᠡᠨ ᠦᠯᠡᠳᠡᠭᠳᠡᠯ ᠠᠰᠠᠭᠤᠳᠠᠯ ᠤᠨ ᠵᠠᠬᠢᠳᠠᠯ | ᠰᠤᠷᠪᠤᠯᠵᠢᠯᠠᠭ᠎ᠠ ᠶᠢᠨ ᠵᠤᠶᠢᠯᠡᠰ ᠢ ᠰᠢᠢᠳᠪᠤᠷᠢᠯᠡᠭᠰᠡᠨ ᠪᠠᠶᠢᠳᠠᠯ ᠢ ᠲᠤᠰᠬᠠᠶ ᠰᠡᠳᠦᠪ ᠢᠶᠠᠷ ᠲᠣᠬᠢᠷᠠᠭᠤᠯᠪᠠ᠃ ᠲᠡᠷᠡ᠂ ᠣᠯᠣᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠰᠢᠢᠳᠪᠤᠷᠢᠯᠡᠬᠦ ᠠᠷᠭ᠎ᠠ ᠵᠠᠮ ᠢᠶᠠᠨ ᠣᠨᠣᠪᠴᠢᠲᠠᠶ ᠡᠷᠢᠵᠦ᠂ ᠠᠰᠠᠭᠤᠳᠠᠯ ᠢ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠦᠨ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠬᠦ | ᠠᠵᠢᠯ ᠢ ᠬᠦᠴᠦᠲᠡᠶ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠪᠠᠯᠭᠠᠰᠤ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤᠷᠤᠯᠴᠠᠪᠠ᠃ | |