ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/5/19
      2022 ᠣᠨ ᠳᠤ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠪᠡᠷᠬᠡ ᠬᠠᠲᠠᠭᠤᠵᠢᠯᠲᠠᠢ ᠬᠦᠨᠳᠦ ᠡᠭᠦᠷᠭᠡ ᠶᠢᠨ ᠡᠮᠦᠨ᠎ᠡ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠪᠠᠶᠢᠳᠠᠯ ᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ  ᠲᠤᠭᠤᠰᠢᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠦᠢᠯᠡᠳᠦᠯᠭᠡᠵᠢᠭᠦᠯᠦᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠪᠥᠬᠦ ᠬᠤᠰᠢᠭᠤᠨ ᠤ ᠠᠵᠤ ᠠᠬᠤᠢ ᠶᠢ ᠲᠣᠭᠲᠠᠭᠤᠨ ᠤ ᠳᠤᠮᠳᠠ ᠤᠷᠤᠭᠰᠢᠯᠠᠭᠤᠯᠵᠤ᠂ ᠳᠠᠬᠢᠨ ᠰᠢᠨ᠎ᠡ ᠳᠡᠭᠲᠡᠷ ᠲᠤ ᠭᠠᠷᠭᠠᠪᠠ᠃       ᠠᠩᠬ᠎ᠠ ᠠᠯᠬᠤᠮ ᠤᠨ ᠲᠣᠭᠠᠴᠠᠭ᠎ᠠ ᠪᠠᠷ᠂ 2022 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1219.2 ᠳ᠋ᠦᠩᠰᠢᠭᠤᠷ ᠲᠥᠭᠦᠷᠢᠭ᠂ ᠥᠯᠥ ᠬᠤᠪᠢᠷᠠᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠨᠡᠮᠡᠭᠳᠡᠯ ᠥᠷᠲᠡᠭ 12.9 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠎ ᠬᠢ ᠠᠴᠠ 5.4% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠨᠡᠮᠡᠭᠳᠡᠯ ᠥᠷᠲᠡᠭ 957.4 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠨᠡᠮᠡᠭᠳᠡᠯ ᠥᠷᠲᠡᠭ 248.9 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1.8% ᠨᠡᠮᠡᠭᠳᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ