ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2023/5/19
      2022 ᠣᠨ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 48.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.0% ᠨᠡᠮᠡᠭᠳᠡᠨ᠂ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ 7 ᠬᠤᠪᠢ ᠳᠤ ᠬᠦᠷᠪᠠ᠃ ᠡᠭᠦᠨ ᠳᠤ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 41.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.0% ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠶᠢ 2.8 ᠳ᠋ᠦᠩᠰᠢᠭᠤᠷ ᠲᠥᠭᠦᠷᠢᠭ ᠲᠣᠬᠢᠷᠠᠭᠤᠯᠵᠤ᠂ 11.9% ᠨᠡᠮᠡᠭᠳᠡᠪᠠ︔ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠢ 3.5 ᠳ᠋ᠦᠩᠰᠢᠭᠤᠷ ᠲᠥᠭᠦᠷᠢᠭ ᠲᠣᠬᠢᠷᠠᠭᠤᠯᠵᠤ᠂ 14.0% ᠨᠡᠮᠡᠭᠳᠡᠪᠠ︔ ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠢ 0.5 ᠳ᠋ᠦᠩᠰᠢᠭᠤᠷ ᠲᠥᠭᠦᠷᠢᠭ ᠲᠣᠬᠢᠷᠠᠭᠤᠯᠵᠤ᠂ 96.0% ᠨᠡᠮᠡᠭᠳᠡᠪᠠ᠃ ᠵᠠᠮ ᠲᠡᠭᠡᠭᠡᠪᠦᠷᠢ ᠶᠢᠨ ᠦᠢᠯᠡᠰ ᠤᠨ ᠰᠡᠷᠭᠦᠯᠲᠡ ᠰᠠᠶᠢᠨ ᠪᠠᠶᠢᠵᠤ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠰ ᠲᠣᠰ 2433.8 ᠲᠦᠮᠡᠨ ᠲᠣᠨ ᠪᠠ 15937.2 ᠲᠦᠮᠡᠨ ᠲᠣᠨ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ