| 2022 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.8% ᠨᠡᠮᠡᠭᠳᠡᠵᠦ᠂ | ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 7.4 ᠵᠠᠭᠤᠨ ᠤ ᠨᠢᠭᠡᠴᠢ ᠲᠦᠷᠭᠡᠨ ᠪᠤᠯᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠢᠯᠡᠰ ᠤᠨ ᠪᠡᠯᠡ ᠣᠷᠣᠭᠤᠯᠤᠯᠲᠠ 120.1% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 29.9% ᠪᠠᠷ ᠨᠡᠮᠡᠭᠳᠡᠵᠦ᠂ | ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 37.3% ᠪᠠᠷ ᠨᠡᠮᠡᠭᠳᠡᠪᠡ᠃ ᠬᠦᠷᠢᠶ᠎ᠡ ᠬᠡᠪᠴᠢᠶ᠎ᠡ ᠪᠠᠷ ᠨᠢ ᠠᠪᠴᠤ ᠦᠵᠡᠪᠡᠯ᠂ ᠦᠢᠯᠡᠳᠬᠦ ᠦᠢᠯᠡᠰ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 80.8% ᠨᠡᠮᠡᠭᠳᠡᠵᠦ᠂ ᠡᠵᠡᠯᠡᠬᠦ ᠬᠠᠷᠢᠴᠠᠯ ᠨᠢ 28.8% ᠲᠤ ᠬᠦᠷᠪᠡ᠃ ᠠᠷᠠᠳ ᠤᠨ ᠪᠡᠯᠡ | ᠣᠷᠣᠭᠤᠯᠤᠯᠲᠠ 48.2% ᠢᠶᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 54.5% ᠲᠤ ᠬᠦᠷᠪᠡ᠃ |