ᠵᠠᠬ᠎ᠠ ᠳᠡᠯᠭᠡᠭᠦᠷ ᠤᠨ ᠬᠡᠷᠡᠭᠯᠡᠭᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2023/5/19
      2022 ᠣᠨ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠬᠯᠡᠬᠡᠨ ᠤ ᠣᠨ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 51.6 ᠳᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 ᠨᠡᠮᠡᠭᠳᠡᠵᠡᠢ᠃ ᠬᠡᠷᠡᠭᠯᠡᠭᠡᠨ ᠤ ᠬᠡᠯᠪᠡᠷᠢ ᠪᠠᠶᠢᠳᠠᠯ ᠎ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 46.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠨᠡᠮᠡᠭᠳᠡᠵᠡᠢ︔ ᠢᠳᠡᠭᠡᠨ ᠤᠮᠳᠠᠭᠠᠨ ᠤ ᠣᠷᠣᠯᠭ᠎ᠠ 4.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠪᠠᠭᠤᠷᠠᠪᠠ᠃ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠥᠷᠲᠡᠭ ᠤᠨ ᠳᠣᠲᠣᠷ᠎ᠠ᠂ ᠠᠮᠤ ᠲᠣᠰᠣ᠂ ᠢᠳᠡᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 31.8% ᠨᠡᠮᠡᠭᠳᠡᠵᠦ᠂ ᠮᠠᠰᠢᠨ ᠲᠡᠷᠭᠡᠨ ᠤ ᠲᠥᠷᠥᠯ 11.0% ᠨᠡᠮᠡᠭᠳᠡᠵᠦ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 10.6% ᠨᠡᠮᠡᠭᠳᠡᠵᠦ᠂ ᠤᠮᠳᠠᠭᠠᠨ ᠤ ᠲᠥᠷᠥᠯ 30.6% ᠨᠡᠮᠡᠭᠳᠡᠵᠦ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ 25.1% ᠨᠡᠮᠡᠭᠳᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ