ᠡᠳ᠋ ᠤᠨ ᠵᠠᠰᠠᠭ ᠮᠥᠩᠭᠦᠨ ᠭᠦᠢᠯᠭᠡᠭᠡᠨ ᠳᠡᠭᠡᠳᠦ ᠬᠡᠮᠵᠢᠶ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/5/19
     2022 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 134.4     ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠠᠴᠠ 66.9% ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 122.4 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 78.5% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠭᠠᠷᠤᠯᠭ᠎ᠠ ᠶᠢ 162.0 ᠳ᠋ᠤᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 63.7% ᠨᠡᠮᠡᠭᠳᠡᠪᠡ᠃ ᠭᠤᠣᠯᠳᠠᠯᠭ᠎ᠠ ᠲᠠᠢ ᠬᠦᠷᠢᠶᠡᠨ ᠤ ᠪᠠᠲᠤᠯᠠᠭ᠎ᠠ ᠬᠦᠴᠦᠲᠡᠢ ᠪᠠᠶᠢᠵᠤ᠂ ᠰᠤᠷᠭᠠᠨ ᠬᠥᠮᠦᠵᠢᠯ ᠤᠨ ᠵᠠᠷᠤᠯᠭ᠎ᠠ 49.4%᠎ ᠪᠠᠷ ᠨᠡᠮᠡᠭᠳᠡᠵᠦ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ  ᠭᠠᠷᠤᠯᠭ᠎ᠠ 18.1% ᠨᠡᠮᠡᠭᠳᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠠᠷᠤᠯᠭ᠎ᠠ 46.9%᠎ ᠪᠠᠷ ᠨᠡᠮᠡᠭᠳᠡᠪᠡ᠃ 12 ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 864.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.5% ᠨᠡᠮᠡᠭᠳᠡᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠤᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 373.2 ᠳ᠋ᠦᠩᠰᠢᠭᠤᠷ ᠲᠥᠭᠦᠷᠢᠭ ᠲᠤ ᠬᠦᠷᠴᠦ᠂ 9.8% ᠨᠡᠮᠡᠭᠳᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ