ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/5/19
       2022 ᠣᠨ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 48721 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58276 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25086 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ ᠢ 2.32 ᠪᠣᠯᠲᠠᠯ᠎ᠠ ᠪᠠᠭᠠᠰᠬᠠᠪᠠ᠃       ᠶᠡᠷᠦᠩᠬᠡᠢ ᠳᠤᠨᠢ ᠠᠪᠴᠤ ᠦᠵᠡᠪᠡᠯ᠂ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠠᠵᠤ ᠠᠬᠤᠢ ᠵᠢᠱᠢᠯᠲᠡ ᠠᠴᠠ ᠳᠠᠪᠠᠭᠰᠠᠨ ᠣᠯᠠᠨ ᠵᠦᠢᠯ ᠤᠨ ᠬᠦᠴᠦᠨ ᠵᠦᠢᠯ ᠤᠨ ᠳᠠᠭᠠᠷᠢᠯᠲᠠ ᠶᠢ ᠲᠤᠯᠵᠤ᠂ ᠲᠣᠭᠲᠠᠭᠤᠨ ᠤ ᠲᠤᠮᠳᠠ ᠤᠷᠤᠭᠰᠢᠯᠠᠵᠤ᠂ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠨᠢ ᠪᠥᠬᠦ ᠬᠤᠲᠠ ᠶᠢᠨ ᠬᠢ ᠠᠴᠠ ᠲᠦᠷᠭᠡᠨ ᠪᠣᠯᠤᠭᠰᠠᠨ ᠪᠠᠶᠢᠨ᠎ᠠ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠪᠥᠬᠦ ᠬᠤᠰᠢᠭᠤ ᠪᠠᠷ ᠢᠶᠠᠨ ᠲᠣᠭᠲᠠᠭᠤᠨ ᠤ ᠲᠤᠮᠳᠠ ᠤᠷᠤᠭᠰᠢᠯᠠᠬᠤ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠲᠣᠭᠲᠠᠭᠤᠨ ᠢᠶᠠᠷ ᠤᠷᠤᠭᠰᠢᠯᠠᠵᠤ᠂ ᠲᠣᠭᠲᠠᠭᠤᠨ ᠤ ᠲᠤᠮᠳᠠ ᠰᠢᠯᠢᠳᠡᠭᠴᠢᠯᠡᠨ ᠤᠷᠤᠭᠰᠢᠯᠠᠵᠤ᠂ ᠭᠤᠣᠯ ᠡᠭᠦᠷᠭᠡ ᠶᠢ ᠵᠣᠷᠢᠭᠲᠠᠢ ᠪᠠᠷ ᠡᠭᠦᠷᠭᠡᠯᠡᠨ᠂ ︽ᠲᠠᠪᠤᠨ ᠶᠡᠭᠡ ᠡᠭᠦᠷᠭᠡ︾ ᠪᠠ ︽ᠭᠤᠷᠪᠠᠨ ᠳᠥᠷᠪᠡ︾᠎ ᠶᠢᠨ ᠬᠠᠷᠠᠯᠲᠠᠲᠤ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ