ᠰᠤᠶᠢᠬ᠎ᠠ ᠡᠪᠡᠰᠦᠨ ᠤ ᠠᠵᠤ ᠦᠢᠯᠡᠰ ᠢᠶᠠᠷ ᠠᠵᠢᠯ ᠣᠯᠭᠤᠵᠤ ᠣᠷᠣᠯᠭ᠎ᠠ ᠶᠢ ᠨᠡᠮᠡᠭᠳᠡᠭᠦᠯᠬᠦ ᠶᠢ ᠲᠠᠶᠢᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2023/5/20
     ᠰᠤᠷᠪᠤᠯᠵᠢᠯᠠᠭᠴᠢ ᠠᠯᠲᠠᠨᠰᠢᠷᠡᠭᠡ ᠪᠠᠯᠭᠠᠰᠤᠨ ᠤ ᠸᠧᠨ ᠯᠠᠨ ᠨᠡᠶᠢᠭᠡᠮ ᠲᠣᠭᠤᠷᠢᠭ ᠤᠨ ᠰᠤᠶᠢᠬ᠎ᠠ ᠡᠪᠡᠰᠦᠨ ᠬᠦᠷᠢᠶᠡᠯᠡᠩ ᠤᠨ ᠦᠢᠯᠡᠰ ᠪᠤᠰᠬᠠᠵᠦ ᠠᠵᠢᠯ ᠣᠯᠭᠤᠬᠤ ᠰᠠᠭᠤᠷᠢᠨ ᠭᠠᠵᠠᠷ ᠤᠨ ᠪᠣᠯᠪᠠᠰᠤᠷᠠᠭᠤᠯᠬᠤ ᠲᠠᠰᠤᠭ ᠲᠤ ᠬᠦᠷᠬᠦ ᠳᠤ᠂ ᠰᠤᠶᠢᠬ᠎ᠠ ᠡᠪᠡᠰᠦᠨ ᠤ ᠠᠩᠬᠢᠯᠤᠮ᠎ᠠ ᠦᠨᠦᠷ ᠬᠠᠮᠠᠷ ᠴᠣᠷᠭᠢᠵᠤ᠂ ᠦᠢᠯᠡᠳᠪᠦᠷᠢ ᠎ ᠶᠢᠨ ᠲᠠᠰᠤᠭ ᠲᠤ ᠮᠠᠰᠢᠨ ᠮᠧᠬᠠᠨᠢᠭ ᠬᠦᠷᠴᠢᠬᠢᠨᠡᠨ᠂ ᠠᠵᠢᠯᠴᠢᠳ ᠰᠤᠶᠢᠬ᠎ᠠ ᠡᠪᠡᠰᠦ ᠪᠠᠨ ᠨᠠᠶᠢᠷᠠᠭᠤᠯᠬᠤ ᠪᠣᠯᠪᠠᠰᠤᠷᠠᠭᠤᠯᠬᠤ ᠪᠠᠷ ᠶᠠᠭᠠᠷᠠᠯᠳᠤᠵᠤ᠂ ᠣᠨᠴᠠ ᠦᠢᠯᠡᠳᠦᠭᠰᠡᠨ ᠴᠠᠭᠠᠰᠤ ᠪᠠᠷ ᠰᠤᠶᠢᠬ᠎ᠠ ᠡᠪᠡᠰᠦᠨ ᠤ ᠨᠤᠨᠳᠤᠭ ᠢᠶᠠᠨ ᠣᠷᠢᠶᠠᠵᠤ᠂ ᠪᠥᠭᠡᠷᠡᠩᠬᠡᠶ ᠪᠠᠭᠠᠨ᠎ᠠ ᠬᠡᠯᠪᠡᠷᠢ ᠲᠠᠢ ᠣᠷᠳᠣ ᠣᠷᠢᠶᠠᠮᠠᠯ ᠪᠤᠯᠭᠠᠵᠦ ᠪᠠᠶᠢᠯ᠎ᠠ᠃     ᠸᠧᠨ ᠯᠠᠨ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠬᠠᠨ ᠸᠧᠶ ᠷᠦᠩ ᠪᠣᠯ ᠨᠢᠭᠡᠨ ᠠᠵᠢᠯ ᠠᠴᠠ ᠪᠠᠨ  ᠬᠠᠯᠠᠬᠳᠠᠬᠰᠠᠨ ᠠᠵᠢᠯᠲᠠᠨ᠂ ᠪᠡᠶ᠎ᠡ ᠵᠡᠮᠳᠡᠭ ᠪᠣᠯᠬᠤᠷ ᠣᠯᠠᠨ ᠵᠢᠯ ᠤᠨ ᠲᠤᠷᠰᠢ ᠲᠣᠬᠢᠷᠠᠮᠵᠢᠲᠠᠶ ᠠᠵᠢᠯ ᠣᠯᠤᠭ᠎ᠠ ᠦᠭᠡᠶ ᠪᠠᠶᠢᠪᠠ᠃ ᠸᠧᠨ ᠯᠠᠨ ᠨᠡᠶᠢᠭᠡᠮ ᠲᠣᠭᠤᠷᠢᠭ ᠲᠤ ᠰᠤᠶᠢᠬ᠎ᠠ ᠡᠪᠡᠰᠦᠨ ᠬᠦᠷᠢᠶᠡᠯᠡᠩ ᠤᠨ ᠦᠢᠯᠡᠰ  ᠪᠤᠰᠬᠠᠵᠦ ᠠᠵᠢᠯ ᠣᠯᠭᠤᠬᠤ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠬᠠᠨ ᠸᠧᠶ ᠷᠦᠩ ᠡᠩ ᠲᠡᠷᠢᠭᠦᠨ ᠳᠤ ᠦᠢᠯᠡᠳᠪᠦᠷᠢ ᠶᠢᠨ ᠲᠠᠰᠤᠭ ᠲᠤ ᠡᠯᠰᠡᠭᠳᠡᠵᠦ᠂ ᠰᠤᠶᠢᠬ᠎ᠠ ᠡᠪᠡᠰᠦᠨ ᠤ ᠪᠦᠳᠦᠬᠡᠭᠳᠡᠬᠦᠨ ᠦᠢᠯᠡᠳᠬᠦ ᠠᠵᠢᠯᠴᠢᠨ ᠪᠤᠯᠤᠬᠰᠠᠨ ᠪᠠᠶᠢᠨ᠎ᠠ᠃     ᠬᠠᠨ ᠸᠧᠶ ᠷᠦᠩ ᠰᠤᠷᠪᠤᠯᠵᠢᠯᠠᠭᠴᠢ ᠳᠤ᠄ ︽ᠨᠡᠶᠢᠭᠡᠮ ᠲᠣᠭᠤᠷᠢᠭ ᠰᠤᠶᠢᠬ᠎ᠠ ᠡᠪᠡᠰᠦᠨ ᠬᠦᠷᠢᠶᠡᠯᠡᠩ ᠤᠨ ᠦᠢᠯᠡᠰ ᠪᠤᠰᠬᠠᠵᠦ ᠠᠵᠢᠯ ᠣᠯᠭᠤᠬᠤ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠪᠢ ᠦᠢᠯᠡᠳᠪᠦᠷᠢ ᠶᠢᠨ ᠲᠠᠰᠤᠭ ᠤᠨ ᠠᠵᠢᠯᠲᠠᠨ ᠪᠣᠯᠵᠣ᠂ ᠲᠣᠭᠲᠠᠭᠤᠨ ᠣᠷᠣᠯᠭ᠎ᠠ ᠲᠠᠢ ᠪᠣᠯᠵᠠᠶ᠃ ᠡᠭᠦᠨ ᠤ ᠬᠠᠮᠲᠤ᠂ ᠠᠵᠢᠯᠯᠠᠬᠤ ᠴᠠᠭ ᠨᠢ ᠬᠠᠷᠢᠴᠠᠩᠭᠤᠶ ᠪᠠᠷ ᠠᠮᠢᠳᠤᠯᠢᠭ ᠪᠠᠶᠢᠵᠤ᠂ ᠦᠢᠯᠡᠳᠪᠦᠷᠢ ᠶᠢᠨ ᠲᠠᠰᠤᠭ ᠲᠤ ᠪᠠᠰᠠ ᠨᠡᠶᠢᠭᠡᠮ ᠲᠣᠭᠤᠷᠢᠭ ᠤᠨ ᠠᠵᠢᠯ ᠬᠦᠯᠢᠶᠡᠭᠰᠡᠳ ᠢ ᠴᠥᠭᠡᠨ ᠪᠤᠰᠤ ᠰᠢᠩᠭᠡᠭᠡᠨ ᠠᠪᠴᠠᠶ᠂ ᠡᠨᠡ ᠪᠣᠯ ᠠᠷᠠᠳ ᠤᠨ ᠲᠥᠯᠥᠭᠡ  ᠭᠡᠰᠡᠨ ᠦᠨᠡᠨ ᠪᠣᠳᠠᠲᠠᠶ ᠰᠠᠶᠢᠨ ᠲᠥᠷᠥ ᠶᠢᠨ ᠪᠣᠳᠣᠯᠭ᠎ᠠ ᠪᠣᠯᠤᠨ᠎ᠠ︾  ᠭᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃     ᠣᠶᠢᠯᠠᠭᠠᠭᠰᠠᠨ ᠢᠶᠠᠷ᠂ ᠰᠤᠶᠢᠬ᠎ᠠ ᠡᠪᠡᠰᠦᠨ ᠬᠦᠷᠢᠶᠡᠯᠡᠩ ᠤᠨ ᠦᠢᠯᠡᠰ ᠪᠤᠰᠬᠠᠵᠦ ᠠᠵᠢᠯ ᠣᠯᠭᠤᠬᠤ ᠰᠠᠭᠤᠷᠢᠨ ᠭᠠᠵᠠᠷ ᠪᠣᠯ ᠠᠯᠲᠠᠨᠰᠢᠷᠡᠭᠡ ᠪᠠᠯᠭᠠᠰᠤ ᠪᠠ ᠥᠪᠥᠷ ᠮᠣᠩᠭᠤᠯ ᠤᠨ ᠰᠤᠶᠢᠬ᠎ᠠ ᠡᠪᠡᠰᠦᠨ ᠬᠦᠷᠢᠶᠡᠯᠡᠩ ᠤᠨ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠲᠦᠰᠢᠭ ᠪᠣᠯᠭᠠᠨ᠂ ᠳᠠᠪᠠᠭᠤᠯᠢᠭ ᠢᠶᠠᠨ ᠡᠮᠬᠢᠯᠡᠨ ᠨᠡᠶᠢᠯᠡᠭᠦᠯᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠᠷ ᠠᠷᠭ᠎ᠠ ᠬᠡᠮᠵᠢᠶ᠎ᠡ ᠪᠣᠯᠭᠠᠵᠤ᠂ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠭᠰᠠᠨ ᠦᠢᠯᠡᠰ ᠪᠤᠰᠬᠠᠵᠦ ᠠᠵᠢᠯ ᠣᠯᠭᠤᠬᠤ ᠠᠵᠤ ᠦᠢᠯᠡᠰ ᠤᠨ ᠰᠠᠭᠤᠷᠢᠨ ᠭᠠᠵᠠᠷ ᠪᠠᠶᠢᠵᠦ᠂ ︽ᠵᠠᠰᠠᠭ ᠤᠨ ᠣᠷᠳᠣᠨ + ᠠᠵᠤ ᠠᠬᠤᠶᠢᠯᠠᠯ + ᠠᠵᠢᠯ ᠣᠯᠭᠤᠯᠲᠠ︾᠎ ᠶᠢᠨ ᠲᠣᠭᠲᠠᠴᠠ ᠪᠠᠷ ᠳᠠᠮᠵᠢᠭᠤᠯᠤᠨ᠂ ︽ᠠᠵᠢᠯᠲᠠᠨ ᠤ ᠲᠦᠷᠢᠮ︾᠂ ︽ᠵᠠᠬᠢᠶᠠᠯᠠᠭ᠎ᠠ ᠶᠢᠨ ᠮᠠᠶ᠋ᠢᠭ︾᠎ ᠤᠨ ᠵᠠᠭᠪᠤᠷ ᠢᠶᠠᠷ ᠬᠠᠷᠢᠶ᠎ᠠ ᠲᠣᠭᠤᠷᠢᠭ ᠤᠨ ᠨᠡᠬᠦᠳᠡᠯᠯᠡᠵᠦ ᠰᠢᠯᠵᠢᠭᠰᠡᠨ ᠮᠠᠯᠴᠢᠨ ᠲᠠᠷᠢᠶᠠᠴᠢᠨ ᠪᠠ  ᠲᠤᠤᠷ᠎ᠠ ᠤᠷᠤᠯᠭᠠᠳᠤ ᠬᠥᠮᠦᠰ ᠤᠨ ᠠᠵᠢᠯ ᠤᠯᠬᠤ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠠᠴᠠ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ᠂ ᠮᠡᠷᠭᠡᠵᠢᠯ ᠤᠨ ᠴᠢᠳᠠᠪᠤᠷᠢᠲᠠᠨ ᠢ  ᠬᠦᠮᠦᠵᠢᠬᠦᠯᠬᠦ ᠪᠤᠯᠤᠨ᠎ᠠ᠃     ᠠᠯᠳᠠᠨᠰᠢᠷᠡᠭᠡ ᠪᠠᠯᠭᠠᠰᠤ ᠶᠢᠨ ᠬᠢᠨ ᠰᠠᠭᠤᠷᠢᠨ ᠭᠠᠵᠠᠷ ᠤᠨ ᠰᠠᠭᠤᠷᠢ ᠪᠠᠨ  ᠪᠠᠬᠢᠵᠢᠬᠦᠯᠦᠨ᠂ ᠦᠢᠯᠡᠴᠢᠯᠡᠭᠡᠨ ᠤ ᠪᠠᠲᠤᠯᠠᠭ᠎ᠠ ᠪᠠᠨ ᠪᠦᠷᠢᠨᠰᠢᠬᠦᠯᠵᠥ᠂ ᠲᠤᠯᠭᠠᠭᠤᠷᠢᠯᠠᠬᠤ ᠲᠠᠪᠴᠠᠩ ᠢᠶᠠᠨ  ᠦᠷᠭᠡᠳᠬᠡᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ︽ᠰᠢᠨ᠎ᠡ ᠶᠢ ᠡᠭᠦᠳᠴᠦ ᠦᠢᠯᠡᠰ ᠪᠤᠰᠬᠠᠵᠦ ᠂ ᠲᠦᠭᠡᠮᠡᠯ ᠠᠰᠢᠭ ᠬᠦᠷᠲᠡᠭᠡᠬᠦ ᠠᠵᠢᠯ ᠣᠯᠭᠤᠯᠲᠠ︾ ᠎ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠬᠦ ᠳᠤ ᠠᠩᠬᠠᠷᠤᠯ ᠢᠶᠠᠨ ᠲᠦᠪᠯᠡᠷᠡᠬᠦᠯᠦᠨ᠂ ᠢᠯᠠᠩᠭᠤᠶ᠎ᠠ ᠨᠡᠭᠦᠳᠡᠯᠯᠡᠵᠦ ᠰᠢᠯᠵᠢᠭᠰᠡᠨ ᠮᠠᠯᠴᠢᠨ ᠲᠠᠷᠢᠶᠠᠴᠢᠨ᠂ ᠭᠡᠷ ᠤᠨ ᠬᠤᠶᠢᠮᠤᠷ ᠰᠠᠬᠢᠬᠰᠠᠨ ᠡᠮᠡᠭᠲᠡᠶᠢᠴᠦᠳ ᠵᠡᠷᠭᠡ ᠠᠵᠢᠯ ᠣᠯᠤᠭᠠᠳᠤᠢ ᠭᠤᠣᠯᠳᠠᠯᠭ᠎ᠠ ᠲᠠᠢ ᠬᠥᠮᠦᠰ ᠤᠨ ᠦᠢᠯᠡᠰ ᠪᠤᠰᠬᠠᠵᠥ ᠠᠵᠢᠯ ᠤᠯᠬᠤ ᠳᠤ ᠬᠦᠴᠢᠷ ᠪᠠᠶᠢᠬᠤ ᠠᠰᠠᠭᠤᠳᠠᠯ ᠢ ᠬᠦᠴᠦᠯᠡᠨ  ᠰᠢᠢᠳᠪᠦᠷᠢᠯᠡᠵᠦ᠂ ᠡᠭᠦᠨ ᠤ ᠬᠠᠮᠲᠤ᠂ ᠲᠣᠰᠬᠤᠨ ᠬᠤᠷᠰᠢᠶ᠎ᠠ ᠶᠢ ᠬᠠᠮᠲᠤᠷᠠᠨ ᠪᠠᠶᠢᠭᠤᠯᠬᠤ ᠪᠠᠷ ᠳᠡᠮᠵᠢᠨ᠂ ᠨᠢᠭᠡᠳᠦᠭᠡᠷ ᠠᠵᠤ  ᠦᠢᠯᠡᠰ ᠤᠨ ᠲᠠᠷᠢᠬᠤ᠂ ᠬᠤᠶᠠᠳᠤᠭᠠᠷ ᠠᠵᠤ ᠦᠢᠯᠡᠰ ᠤᠨ ᠡᠳ᠋ᠰᠢᠬᠦᠯᠬᠦ᠂ ᠭᠤᠷᠪᠠᠳᠤᠭᠠᠷ ᠠᠵᠤ ᠦᠢᠯᠡᠰ ᠤᠨ ᠪᠣᠷᠣᠯᠠᠭᠤᠯᠭ᠎ᠠ ᠶᠢᠨ ᠠᠭᠤᠰᠤᠯᠴᠠᠨ ᠬᠥᠭᠵᠢᠬᠦ ᠵᠠᠭᠪᠤᠷ ᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ