ᠠᠮᠠᠷᠠᠭ ᠬᠤᠤᠰ ᠤᠳ ᠤᠷᠤᠭ ᠤᠨ ᠪᠠᠳᠤᠯᠠᠪᠤᠷᠢ ᠪᠠᠨ ᠠᠪᠤᠯ᠎ᠠ
ᠨᠡᠶᠢᠲᠡᠯᠡᠭᠰᠡᠨ ᠴᠠᠭ᠄
2023/5/21
     5 ᠳ᠋ᠤᠭᠠᠷ ᠰᠠᠷ᠎ᠠ ᠶᠢᠨ 20᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠳᠠᠩᠰᠠᠯᠠᠬᠤ ᠭᠠᠵᠠᠷ ︽520 ᠬᠠᠮᠲᠤ ᠶᠢᠨ ᠦᠨᠡᠮᠯᠡᠯ ᠣᠯᠭᠤᠬᠤ︾ ᠠᠵᠢᠯᠯᠠᠭ᠎ᠠ ᠥᠷᠨᠢᠭᠦᠯᠵᠦ᠂ ᠨᠡᠶᠢᠲᠡ 70 ᠬᠤᠤᠰ ᠰᠢᠨ᠎ᠡ ᠬᠥᠮᠦᠨ ᠠᠵᠢᠯᠯᠠᠭ᠎ᠠ ᠳᠤ ᠤᠷᠤᠯᠴᠠᠨ᠂ ᠵᠣᠯ ᠵᠢᠷᠭᠠᠯᠲᠤ  ᠠᠮᠢᠳᠤᠷᠠᠯ ᠢᠶᠠᠨ ᠬᠠᠮᠲᠤ ᠪᠠᠷ ᠡᠬᠢᠯᠡᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨ᠎ᠡ ᠬᠥᠮᠦᠰ ᠡᠷᠳᠡ ᠠᠴᠠ ᠮᠦᠷᠯᠡᠨ᠂ ᠬᠠᠮᠲᠤ ᠪᠠᠷ ᠦᠨᠡᠮᠯᠡᠯ ᠣᠯᠭᠤᠬᠤ ᠲᠢᠩᠬᠢᠮ ᠳᠤ ᠬᠦᠷᠴᠦ ᠬᠠᠮᠲᠤ ᠶᠢᠨ ᠦᠨᠡᠮᠯᠡᠯ ᠣᠯᠭᠤᠬᠤ ᠠᠵᠢᠯᠯᠠᠭ᠎ᠠ ᠳᠤ ᠤᠷᠤᠯᠴᠠᠵᠦ᠂ ᠬᠤᠪᠣᠷ ᠨᠠᠨᠳᠢᠨ ᠡᠷᠭᠢᠴᠡᠭᠦᠯᠦᠯ ᠢᠶᠠᠨ ᠦᠯᠡᠳᠡᠭᠡᠬᠦ ᠶᠢᠨ ᠲᠥᠯᠥᠭᠡ᠂ ᠴᠥᠭᠡᠨ ᠪᠤᠰᠤ ᠰᠢᠨ᠎ᠡ ᠬᠥᠮᠦᠰ ᠴᠠᠭᠠᠨ ᠱᠠ ᠵᠡᠭᠦᠵᠦ᠂ ᠰᠣᠷᠭᠤᠭ ᠴᠡᠴᠡᠭ ᠪᠠᠷᠢᠨ᠂ ᠡᠨᠡᠬᠦ ᠲᠤᠷᠠᠰᠬᠠᠯᠳᠤ ᠡᠳᠦᠷ ᠢᠶᠠᠨ ᠤᠳᠬ᠎ᠠ ᠠᠭᠤᠯᠭ᠎ᠠ ᠲᠠᠢ ᠦᠩᠬᠡᠷᠡᠬᠦᠯᠵᠦ ᠪᠠᠶᠢᠪᠠ᠃ ᠦᠨᠡᠮᠯᠡᠯ ᠣᠯᠭᠤᠭᠰᠠᠨ ᠤ ᠳᠠᠷᠠᠭ᠎ᠠ᠂ ᠰᠢᠨ᠎ᠡ  ᠬᠤᠤᠰ ᠤᠳ ᠪᠠᠰᠠ ᠵᠠᠩ ᠳᠠᠳᠬᠠᠯ ᠢ ᠥᠭᠡᠷᠡᠴᠢᠯᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠥᠭᠡᠳ ︽ᠬᠠᠶᠢᠷ᠎ᠠ ᠶᠢᠨ ᠬᠠᠷᠢᠭᠤ ᠲᠤᠰᠬᠠᠯ︾ ᠭᠡᠬᠦ ᠭᠤᠤᠯ ᠰᠡᠳᠦᠪᠲᠦ ᠭᠠᠷ ᠤᠨ ᠥᠰᠥᠭ ᠵᠢᠷᠤᠬᠤ ᠬᠡᠷᠡᠮ ᠳᠡᠭᠡᠷ᠎ᠡ ᠭᠠᠷ ᠤᠨ ᠥᠰᠥᠭ ᠵᠢᠷᠤᠪᠠ᠃     ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠮ ᠤᠨ ᠪᠣᠯᠪᠠᠰᠤᠨ ᠤ ᠰᠠᠨᠠᠭᠠᠴᠢᠯᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠭᠤᠴᠢᠨ ᠢ ᠡᠪᠳᠡᠨ ᠰᠢᠨ᠎ᠡ ᠶᠢ ᠪᠠᠶᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠪᠠ᠃ ᠠᠵᠢᠯ ᠤᠨ ᠳᠤᠮᠳᠠ ᠪᠠᠨ᠂ ᠤᠷᠤᠭ ᠤᠨ ᠶᠠᠪᠤᠳᠠᠯ ᠢ ᠳᠥᠭᠦᠮᠴᠢᠯᠡᠬᠦ᠂ ᠱᠠᠯᠢᠨ ᠪᠦᠷᠢᠯᠭᠡᠬᠦ ᠰᠤᠷᠲᠠᠯ ᠢ ᠬᠤᠷᠢᠭᠯᠠᠬᠤ᠂ ᠪᠣᠯᠪᠠᠰᠤᠨ ᠢᠶᠠᠷ ᠬᠤᠷᠢᠮ ᠨᠠᠶᠢᠷ ᠬᠢᠬᠦ ᠶᠢ ᠰᠠᠨᠠᠭᠠᠴᠢᠯᠠᠬᠤ᠂ ᠪᠣᠯᠬᠢ ᠪᠦᠳᠦᠭᠦᠯᠢᠭ ᠬᠤᠷᠢᠮ ᠨᠠᠶᠢᠷ ᠬᠢᠬᠦ ᠶᠢ ᠲᠡᠪᠴᠢᠬᠦ᠂ ᠬᠥᠮᠦᠨ ᠪᠦᠬᠦᠨ ᠣᠷᠣᠯᠴᠠᠬᠤ ᠶᠢ ᠰᠠᠨᠠᠭᠠᠴᠢᠯᠠᠬᠤ᠂ ᠴᠠᠭ ᠦᠶ᠎ᠡ ᠶᠢᠨ ᠰᠢᠨ᠎ᠡ ᠰᠤᠷᠲᠠᠯ ᠢ ᠬᠥᠲᠥᠯᠥᠨ ᠲᠠᠭᠠᠭᠤᠯᠵᠦ ᠪᠠᠶᠢᠪᠠ᠃ ᠡᠨᠡ ᠨᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ ᠪᠠᠰᠠ ᠴᠤ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠪᠠᠷ ᠥᠪᠡᠷ ᠢ ᠪᠠᠨ ᠬᠦᠴᠦᠷᠬᠡᠭᠵᠢᠭᠦᠯᠬᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠪᠤᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ