| 5 ᠳ᠋ᠤᠭᠠᠷ ᠰᠠᠷ᠎ᠠ ᠶᠢᠨ 22 ᠤᠨ ᠣᠷᠣᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠣᠷᠳᠣᠰ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠲᠠᠭᠠᠭᠠᠴᠢᠯᠠᠨ | ᠡᠷᠭᠢᠯᠡᠭᠰᠡᠨ ︽ᠲᠠᠯ᠎ᠠ ᠨᠤᠲᠤᠭ ᠤᠨ ᠬᠠᠶᠢᠷ᠎ᠠ᠂ ᠬᠠᠶᠢᠷ᠎ᠠ ᠬᠠᠯᠠᠮᠵᠢᠳᠤ ᠬᠤᠳᠠ ᠶᠢᠨ ᠪᠤᠯᠵᠤᠭ᠎ᠠ︾ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠥᠵᠢᠭ ᠤᠨ ᠤᠷᠤᠯᠳᠤᠭᠠᠨ ᠣᠷᠳᠣᠰ ᠲᠢᠶᠠᠲᠷ ᠲᠤ ᠱᠠᠩᠨᠠᠯ ᠣᠯᠭᠤᠬᠤ ᠦᠳᠡᠰᠢᠯᠡᠭᠡ ᠬᠢᠪᠠ᠃ ᠡᠵᠡᠨ ᠬᠤᠷᠤᠭ᠎ᠠ ᠬᠤᠰᠢᠭᠤᠨ ᠤ | ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ 4 ᠪᠦᠲᠦᠭᠡᠯ 9 ᠶᠡᠭᠡ ᠱᠠᠩᠨᠠᠯ ᠢ ᠭᠥᠷᠳᠡᠪᠡ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠥᠵᠢᠭ ᠤᠨ ᠤᠷᠤᠯᠳᠤᠭᠠᠨ ᠪᠣᠯ ᠥᠩᠭᠡᠷᠡᠭᠰᠡᠨ ᠵᠢᠯ ᠤᠳ ᠤᠨ ᠣᠷᠣᠯᠴᠠᠭᠰᠠᠨ ᠪᠦᠲᠦᠭᠡᠯ ᠪᠠ ᠬᠥᠮᠦᠨ ᠤ | ᠲᠤᠭ᠎ᠠ ᠪᠠᠷ ᠬᠠᠮᠤᠭ ᠤᠨ ᠣᠯᠠᠨ᠂ ᠬᠡᠪᠴᠢᠶ᠎ᠡ ᠪᠠᠷ ᠬᠠᠮᠤᠭ ᠤᠨ ᠶᠡᠭᠡ ᠪᠥᠵᠢᠭ ᠤᠨ ᠤᠷᠤᠯᠳᠤᠭᠠᠨ ᠪᠣᠯᠤᠨ᠎ᠠ᠂ ᠡᠯ᠎ᠡ ᠠᠶᠢᠮᠠᠭ ᠬᠤᠲᠠ᠂ ᠡᠯ᠎ᠡ ᠨᠢᠭᠡᠴᠢ ᠶᠢᠨ | ᠲᠠᠨᠢᠯᠴᠠᠭᠤᠯᠤᠭᠰᠠᠨ 191 ᠪᠦᠲᠦᠭᠡᠯ ᠠᠴᠠ 100 ᠪᠦᠲᠦᠭᠡᠯ ︵69 ᠬᠠᠮᠲᠤ ᠶᠢᠨ ᠪᠥᠵᠢᠭ᠂ 31 ᠬᠤᠤᠰ ᠭᠤᠷᠪᠠ ᠶᠢᠨ ᠪᠥᠵᠢᠭ ᠤᠨ ᠪᠦᠲᠦᠭᠡᠯ︶ ᠢ | ᠰᠢᠢᠳᠪᠤᠷᠢᠳᠤ ᠤᠷᠤᠯᠳᠤᠭᠠᠨ ᠳᠤ ᠰᠣᠩᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠶᠡᠭᠡ ᠳᠡᠭᠡᠳᠦ | ᠰᠤᠷᠭᠠᠭᠤᠯᠢ᠂ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠵᠢᠴᠢ ᠤᠷᠤᠯᠳᠤᠭᠠᠨ ᠳᠤ ᠤᠷᠤᠯᠴᠠᠭᠰᠠᠨ ᠠᠩᠬᠢ ᠵᠡᠷᠭᠡ 1500 ᠭᠠᠷᠤᠶ | ᠬᠥᠮᠦᠨ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃ |