| 5 ᠳ᠋ᠤᠭᠠᠷ ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠡᠦ ᠶᠦᠨ ᠱᠠᠨᠰᠢ ᠶᠢᠨ ᠬᠤᠸᠠ | ᠲᠦᠸᠧ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠣᠤ ᠬᠤᠸᠠ ᠨᠠᠷ ᠲᠠᠢ | ᠶᠠᠷᠢᠯᠴᠠᠬᠤ ᠬᠤᠷᠠᠯ ᠬᠢᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠮᠸᠡᠭ ᠰᠤ᠋ ᠠᠵᠤ | ᠠᠬᠤᠶ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠵᠢᠶᠠᠨ ᠭᠠᠩ ᠬᠤᠷᠠᠯ ᠢ ᠡᠷᠭᠢᠯᠡᠪᠡ᠃ | ᠰᠠᠭᠤᠳᠠᠯ ᠤᠨ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠭᠡᠷᠡᠯ ᠴᠡᠨᠡᠭ ᠤᠨ ᠴᠠᠪᠠᠤᠯᠢᠭ ᠪᠦᠷᠬᠦᠪᠴᠢ ᠶᠢᠨ ᠲᠦᠷᠦᠯ ᠵᠦᠢᠯ ᠢ ᠬᠠᠮᠲᠤᠷᠠᠨ ᠪᠠᠶᠢᠭᠤᠯᠬᠤ | ᠲᠤᠬᠠᠢ ᠰᠠᠨᠠᠯ ᠢᠶᠠᠨ ᠰᠣᠯᠢᠯᠴᠠᠪᠠ᠃ | ᠵᠤᠤ ᠬᠤᠸᠠ ᠠᠵᠤ ᠠᠬᠤᠶᠢᠯᠠᠯ ᠤᠨ ᠦᠨᠳᠦᠰᠦᠨ ᠪᠠᠶᠢᠳᠠᠯ ᠪᠣᠯᠤᠨ ᠬᠠᠮᠲᠤᠷᠠᠯᠴᠠᠭᠠᠨ ᠤ ᠲᠦᠷᠦᠯ ᠵᠦᠢᠯ ᠤᠨ ᠲᠦᠢᠮᠣ ᠪᠠᠶᠢᠳᠠᠯ ᠢ ᠲᠠᠨᠢᠯᠴᠠᠭᠤᠯᠪᠠ᠃ ᠲᠡᠷᠡ | ᠢᠯᠡᠷᠬᠡᠶᠢᠯᠡᠬᠦ ᠳᠡᠭᠡᠨ᠂ ᠱᠠᠨᠰᠢ ᠶᠢᠨ ᠬᠤᠸᠠ ᠲᠦᠸᠧ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠡᠵᠡᠨ ᠬᠤᠷᠤᠭ᠎ᠠ | ᠬᠤᠰᠢᠭᠤᠨ ᠤ ᠰᠢᠨ᠎ᠡ ᠡᠨᠧᠷᠭᠢ ᠶᠢᠨ ᠠᠵᠤ ᠤᠶᠢᠯᠡᠰ ᠤᠨ ᠬᠥᠭᠵᠢᠯᠲᠡ ᠶᠢᠨ ᠢᠷᠡᠭᠡᠳᠦᠶ ᠳᠤ ᠮᠠᠰᠢ ᠢᠲᠡᠭᠡᠯ ᠲᠠᠢ ᠪᠠᠶᠢᠨ᠎ᠠ᠂ ᠥᠨᠳᠥᠷ ᠪᠦᠲᠦᠮᠵᠢᠲᠡᠶ ᠬᠡᠷᠡᠯ | ᠴᠡᠨᠡᠭ ᠤᠨ ᠴᠠᠪᠠᠤᠯᠢᠭ ᠪᠦᠷᠬᠦᠪᠴᠢ ᠶᠢᠨ ᠰᠠᠭᠤᠷᠢᠨ ᠤ ᠲᠥᠷᠥᠯ ᠵᠤᠶᠢᠯ ᠢ ᠪᠥᠲᠥᠭᠡᠨ ᠪᠠᠶᠢᠭᠤᠯᠵᠤ᠂ ᠬᠡᠷᠡᠯ ᠴᠡᠨᠡᠭ ᠤᠨ ᠠᠵᠤ ᠠᠬᠤᠶᠢᠯᠠᠯ ᠳᠤ ᠢᠵᠢ ᠪᠦᠷᠢᠳᠦᠭᠰᠡᠨ | ᠤᠶᠢᠯᠡᠴᠢᠯᠡᠭᠡ ᠬᠠᠩᠭᠠᠵᠤ᠂ ᠬᠡᠷᠡᠯ ᠴᠡᠨᠡᠭ ᠤᠨ ᠪᠥᠬᠦ ᠠᠵᠤ ᠤᠶᠢᠯᠡᠰ ᠤᠨ ᠬᠡᠯᠬᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠶᠢ ᠬᠦᠰᠡᠵᠦ ᠪᠠᠶᠢᠨ᠎ᠠ ᠭᠡᠵᠡᠶ᠃ | ᠥ᠋ ᠶᠦᠨ᠂ ᠡᠵᠡᠨ ᠬᠤᠷᠤᠭ᠎ᠠ ᠬᠤᠰᠢᠭᠤ ᠶᠠᠭ ︽ᠬᠤᠤᠰ ᠵᠠᠭᠤᠨ GW︾᠂ ︽ᠲᠦᠮᠡᠨ ᠲᠣᠨ︾᠂ ︽ᠲᠦᠮᠡᠨ ᠲᠡᠷᠭᠡ︾᠂ ᠮᠢᠩᠭᠠᠨ ᠳ᠋ᠦᠩᠰᠢᠭᠤᠷ ᠤᠨ | ᠲᠠᠰ ᠤᠨ ᠠᠵᠤ ᠤᠶᠢᠯᠡᠰ ᠤᠨ ᠰᠦᠷᠦᠭᠵᠢᠯ ᠢ ᠬᠦᠴᠦᠯᠡᠨ ᠪᠤᠶᠢᠵᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠤᠶᠢᠯᠡᠳᠬᠦ ᠬᠡᠷᠡᠭᠯᠡᠭᠡᠨ ᠤ ᠵᠢᠱᠢᠶ᠎ᠡ ᠦᠵᠡᠭᠦᠯᠬᠦ | ᠰᠠᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃ ᠱᠠᠨᠰᠢ ᠶᠢᠨ ᠬᠤᠸᠠ ᠲᠦᠸᠧ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠤᠪᠢ ᠡᠵᠡᠮᠳᠡᠭᠰᠡᠨ | ᠬᠢᠵᠠᠭᠠᠷᠲᠤ ᠺᠣᠮᠫᠠᠨᠢ ᠭᠡᠷᠡᠯ ᠴᠡᠨᠡᠭ ᠤᠨ ᠴᠠᠪᠠᠤᠯᠢᠭ ᠪᠦᠷᠬᠦᠪᠴᠢ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠤᠨ ᠳᠣᠲᠣᠭᠠᠳᠤ ᠶᠢᠨ ᠨᠡᠷᠡᠳᠤ ᠠᠵᠤ ᠠᠬᠤᠶᠢᠯᠠᠯ ᠲᠠᠢ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ ᠃ ᠬᠤᠶᠠᠷ | ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠨ᠂ ᠬᠠᠮᠲᠤᠷᠠᠯᠴᠠᠭᠠᠨ ᠤ ᠠᠭᠤᠯᠭ᠎ᠠ ᠪᠠᠨ ᠨᠠᠷᠢᠯᠢᠬᠵᠢᠭᠤᠯᠵᠤ᠂ ᠲᠦᠷᠦᠯ ᠵᠦᠢᠯ ᠢ ᠲᠦᠷᠭᠡᠨ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠰᠡᠵᠦ ᠪᠠᠶᠢᠨ᠎ᠠ᠃ ᠡᠵᠡᠨ ᠬᠤᠷᠤᠭ᠎ᠠ ᠬᠤᠰᠢᠭᠤ ᠴᠢᠬᠤᠯᠠ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠲᠥᠷᠥᠯ | ᠵᠤᠶᠢᠯ ᠢ ᠠᠬᠢᠭᠤᠯᠬᠤ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠤᠶᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠨᠥᠬᠦᠴᠡᠯ ᠢ ᠡᠭᠦᠳᠦᠨ᠎ᠡ ᠭᠡᠰᠡᠨ ᠪᠠᠶᠢᠨ᠎ᠠ᠃ | ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠣᠷᠣᠨ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃ | |