| 5 ᠳ᠋ᠤᠭᠠᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠬᠤᠸᠠ ᠷᠦᠢ ᠹᠧᠩ ᠪᠡᠭᠡᠵᠢᠩ ᠳᠤ ᠤᠴᠢᠵᠣ ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠦ᠋ ᠵᠢᠶᠠᠩ ᠦ᠋ ᠲᠠᠢ | ᠠᠭᠤᠯᠵᠠᠵᠤ᠂ ᠬᠤᠶᠠᠷ ᠲᠠᠯ᠎ᠠ ᠪᠠᠷ ᠢᠶᠠᠨ ᠡᠨᠧᠷᠭᠢ ᠶᠢᠨ ᠲᠥᠷᠥᠯ ᠵᠣᠶᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠶ ᠭᠦᠨᠵᠡᠭᠡᠶ ᠶᠠᠷᠢᠯᠴᠠᠵᠤ ᠰᠠᠨᠠᠯ ᠢᠶᠠᠨ | ᠰᠣᠯᠢᠯᠴᠠᠪᠠ᠃ ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠶᠡᠷᠦᠩᠬᠡᠢ ᠳᠠᠭᠠᠭᠠᠮᠠᠯ᠂ ᠨᠠᠮ ᠤᠨ ᠬᠤᠷᠢᠶᠠᠨ ᠤ ᠳᠡᠳ᠋ ᠱᠦᠵᠢ ᠸᠠᠩ ᠷᠦᠢ᠂ | ᠬᠤᠰᠢᠭᠤᠨ ᠤ ᠤᠳᠤᠷᠢᠳᠤᠯᠭ᠎ᠠ ᠵᠤᠤ ᠸᠧᠢ᠂ ᠯᠢ ᠬᠦᠢ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠳᠠᠳ ᠠᠭᠤᠯᠵᠠᠯᠲᠠ ᠳᠤ ᠣᠷᠣᠯᠴᠠᠵᠠᠢ᠃ | ᠳ᠋ᠦ᠋ ᠵᠢᠶᠠᠩ ᠦ᠋ ᠠᠴᠠ ᠬᠤᠸᠠ ᠷᠦᠢ ᠹᠧᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠤᠷᠳᠤᠰ ᠬᠤᠳᠠ | ᠂ ᠡᠵᠡᠨ ᠬᠤᠷᠤᠭ᠎ᠠ ᠬᠤᠰᠢᠭᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠬᠤᠸᠠ ᠳ᠋ᠢᠶᠠᠨ ᠤ ᠤᠷᠳᠤᠰ ᠲᠠᠬᠢ ᠠᠵᠤ ᠠᠬᠤᠶᠢᠯᠠᠯ ᠢ ᠳᠡᠮᠵᠢᠭᠰᠡᠭᠡᠷ | ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠢ ᠨᠠᠷᠢᠨ | ᠲᠠᠨᠢᠯᠴᠠᠭᠤᠯᠪᠠ᠃ ᠳ᠋ᠦ᠋ ᠵᠢᠶᠠᠩ ᠦ᠋᠂ ᠡᠵᠡᠨ ᠬᠤᠷᠤᠭ᠎ᠠ ᠬᠤᠰᠢᠭᠤᠨ ᠳᠤ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠪᠠᠷ ᠪᠠᠶᠢᠭ᠎ᠠ ᠡᠨᠧᠷᠭᠢ ᠶᠢᠨ ᠲᠦᠷᠦᠯ ᠵᠦᠢᠯ ᠨᠢ | ᠪᠦᠯᠦᠭᠯᠡᠯ ᠺᠣᠮᠫᠠᠨᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠬᠤᠸᠠ ᠳ᠋ᠢᠶᠠᠨ ᠨᠡᠭᠦᠷᠡᠰᠦᠨ ᠤ ᠦᠢᠯᠡᠰ ᠢ ᠪᠠᠶᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠣᠳᠣᠬᠠᠨ ᠳᠤ᠂ ᠲᠥᠷᠥᠯ ᠵᠣᠶᠢᠯ ᠤᠨ ᠡᠮᠦᠨᠡᠬᠢ ᠬᠤᠭᠤᠴᠠᠭᠠᠨ ᠤ ᠠᠵᠢᠯ ᠢᠳᠡᠪᠬᠢᠲᠡᠶ ᠠᠬᠢᠴᠠ ᠲᠠᠢ ᠪᠣᠯᠪᠠ᠂ ᠲᠠᠷᠠᠭᠠᠴᠢ ᠶᠢᠨ | ᠠᠯᠬᠤᠮ ᠳᠤ᠂ ᠺᠣᠮᠫᠠᠨᠢ ᠨᠢ ᠬᠥᠭᠵᠢᠯᠲᠡ ᠶᠢ ᠲᠦᠷᠭᠡᠳᠬᠡᠬᠦ ᠶᠢ ᠡᠷᠡᠰ ᠭᠤᠶᠢᠪᠢᠰᠢ ᠥᠬᠡᠶ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠲᠥᠷᠥᠯ ᠵᠣᠶᠢᠯ ᠤᠨ | ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠠᠵᠢᠯ ᠢᠶᠠᠨ ᠡᠬᠢᠯᠡᠭᠦᠯᠵᠦ᠂ ᠨᠡᠭᠦᠷᠡᠰᠦᠨ ᠤ ᠠᠵᠢᠯ ᠢ | ᠡᠷᠡᠰ ᠰᠠᠶᠢᠲᠤᠷ ᠬᠢᠨ᠎ᠠ᠃ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠬᠤᠸᠠ ᠳ᠋ᠢᠶᠠᠨ ᠤ | ᠣᠷᠳᠣᠰ ᠲᠠᠬᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ᠬᠠᠮᠲᠤ ᠪᠠᠷ ᠢᠳᠡᠪᠬᠢᠲᠡᠶ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ | ᠬᠤᠸᠠ ᠷᠦᠢ ᠹᠧᠩ ᠢᠷᠡᠭᠰᠡᠨ ᠰᠠᠨᠠᠭ᠎ᠠ ᠪᠠᠨ ᠲᠣᠳᠣᠷᠬᠠᠶᠢᠯᠠᠵᠤ᠂ ᠡᠵᠡᠨ ᠬᠤᠷᠤᠭ᠎ᠠ ᠬᠤᠰᠢᠭᠤ ᠨᠢ ᠪᠥᠬᠦ ᠤᠯᠤᠰ ᠤᠨ ᠭᠤᠷᠪᠠᠳᠤᠭᠠᠷ ᠶᠡᠭᠡ ᠨᠡᠭᠦᠷᠡᠰᠦ | ᠭᠠᠷᠳᠠᠭ ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠤᠨ ︽ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ | ᠬᠢᠬᠦ ᠬᠡᠷᠡᠭᠲᠡᠶ︾ ᠭᠡᠰᠡᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠡᠭᠦᠷᠡᠰᠦᠨ ᠤ ᠲᠣᠭᠲᠠᠪᠤᠷᠢᠵᠢᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ | ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠤᠷᠢᠳ ᠢᠶᠠᠷ ᠪᠠᠲᠤᠯᠠᠵᠤ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠪᠣᠬᠢᠷᠲᠤᠯ | ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ ᠡᠨᠡ ᠬᠦ ᠰᠠᠭᠤᠷᠢᠨ ᠳᠡᠭᠡᠷ᠎ᠡ᠂ ᠡᠵᠡᠨ ᠬᠤᠷᠤᠭ᠎ᠠ ᠬᠤᠰᠢᠭᠤ ᠬᠤᠤᠰ | ᠨᠡᠭᠦᠷᠡᠰᠦᠲᠥ᠋ᠷᠥᠭᠴᠢᠲᠦ ᠠᠬᠤᠶ ᠪᠠᠶᠢᠳᠠᠯ ᠳᠤᠤᠷᠠᠬᠢ ᠰᠢᠨ᠎ᠡ ᠡᠨᠧᠷᠭᠢ ᠶᠢᠨ ᠠᠵᠤ ᠦᠢᠯᠡᠰ ᠢ ᠰᠢᠨ᠎ᠡ ᠡᠨᠧᠷᠭᠢ ᠪᠠᠶᠠᠯᠢᠭ ᠭᠠᠵᠠᠷ ᠣᠷᠣᠨ ᠲᠡᠶᠢᠰᠢ ᠡᠮᠬᠢ | ᠵᠢᠷᠤᠮ ᠲᠠᠢ ᠪᠠᠷ ᠰᠢᠯᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠵᠣᠷᠢᠭᠲᠠᠶ ᠪᠠᠷ ᠲᠦᠷᠦᠭᠦᠯᠡᠨ ᠬᠥᠳᠡᠯᠦᠯᠴᠡᠵᠦ᠂ ︽ᠰᠠᠯᠬᠢ ᠬᠡᠷᠡᠯ | ᠤᠰᠤᠲᠥ᠋ᠷᠥᠭᠴᠢ ᠡᠨᠧᠷᠭᠢ ᠬᠠᠳᠠᠭᠠᠯᠠᠬᠤ ᠲᠡᠷᠭᠡ︾ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠤᠶᠢᠵᠢᠭᠤᠯᠵᠤ᠂ ᠡᠬᠢ | ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ | ᠬᠤᠸᠠ ᠳ᠋ᠢᠶᠠᠨ ᠨᠡᠭᠦᠷᠡᠰᠦᠨ ᠤ ᠦᠢᠯᠡᠰ ᠤᠨ ᠪᠦᠯᠦᠭᠯᠡᠯ ᠨᠢ ᠡᠨᠧᠷᠭᠢ ᠶᠢᠨ ᠲᠥᠪ ᠠᠵᠤ ᠠᠬᠤᠶᠢᠯᠠᠯ ᠪᠤᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠨ ᠲᠤᠷᠰᠢ | ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤᠮᠳᠠ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠡᠵᠡᠨ ᠬᠤᠷᠤᠭ᠎ᠠ ᠬᠤᠰᠢᠭᠤᠨ ᠳᠤ ᠡᠨᠧᠷᠭᠢ ᠶᠢᠨ | ᠠᠵᠤ ᠦᠢᠯᠡᠰ ᠤᠨ ᠲᠥᠷᠥᠯ ᠵᠣᠶᠢᠯ ᠢ ᠪᠠᠶᠢᠷᠢᠰᠢᠭᠤᠯᠤᠭᠰᠠᠨ ᠨᠢ ᠳᠠᠬᠢᠨ ᠦᠢᠯᠡᠳᠬᠦ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ᠂ ᠣᠷᠣᠨ ᠨᠤᠲᠤᠭ ᠤᠨ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ | ᠰᠣᠯᠢᠯᠴᠠᠭ᠎ᠠ ᠪᠠᠨ ᠦᠷᠭᠦᠯᠵᠢᠯᠡᠨ ᠨᠡᠮᠡᠭᠳᠡᠭᠦᠯᠵᠦ᠂ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠬᠠᠮᠲᠤᠪᠠᠷ ᠲᠦᠷᠦᠯ ᠵᠦᠢᠯ ᠢ | ᠡᠨᠧᠷᠭᠢ ᠶᠢᠨ ᠨᠡᠭᠡᠭᠡᠨ ᠬᠥᠭᠵᠢᠭᠦᠯᠬᠦ ᠬᠦᠷᠢᠶᠡᠨ ᠤ ᠦᠯᠢᠭᠡᠷ ᠳᠠᠭᠤᠷᠢᠶᠠᠯ ᠢᠨᠵᠧᠨᠧᠷᠢᠩ ᠪᠣᠯᠭᠠᠨ ᠪᠠᠶᠢᠭᠤᠯᠬᠤ ᠶᠢ ᠬᠦᠰᠡᠵᠦ ᠪᠠᠶᠢᠨ᠎ᠠ᠃ ᠡᠵᠡᠨ ᠬᠤᠷᠤᠭ᠎ᠠ ᠬᠤᠰᠢᠭᠤ | ᠲᠥᠷᠥᠯ ᠵᠣᠶᠢᠯ ᠢ ᠨᠠᠶᠢᠳᠠᠪᠤᠷᠢᠵᠢᠭᠤᠯᠬᠤ᠂ ᠢᠵᠢ ᠪᠥᠷᠢᠳᠦᠭᠦᠯᠬᠦ ᠦᠢᠯᠡᠴᠢᠯᠡᠭᠡ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠦᠢᠯᠡᠴᠢᠯᠡᠭᠡ | ᠬᠠᠩᠭᠠᠵᠤ᠂ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠡᠭᠦᠳᠴᠤ ᠦᠭᠬᠦᠨ᠎ᠡ ᠭᠡᠪᠡ᠃ | | | | | |