| ︽ᠠᠷᠠᠳ ᠲᠤ ᠠᠰᠢᠭ ᠬᠦᠷᠲᠡᠭᠡᠬᠦ ᠲᠠᠩᠰᠠ︾ ᠶᠢ ᠰᠠᠶᠢᠲᠤᠷ ᠪᠤᠳᠤᠵᠤ᠂ ︽ᠠᠷᠠᠳ ᠤᠨ ᠠᠮᠢᠳᠤᠷᠠᠯ ᠤᠨ ᠶᠠᠪᠤᠳᠠᠯ︾ ᠢ ᠰᠠᠶᠢᠲᠤᠷ ᠬᠢᠬᠦ ᠬᠡᠷᠡᠭᠲᠡᠶ᠃ ᠡᠵᠡᠨ | ᠬᠤᠷᠤᠭ᠎ᠠ ᠬᠤᠰᠢᠭᠤᠨ ᠤ ᠬᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ | ᠠᠵᠢᠯ ᠤᠨ ᠪᠦᠲᠦᠮᠵᠢᠲᠡᠢ ᠭᠠᠷᠳᠠᠴᠠ ᠪᠣᠯᠭᠠᠵᠤ᠂ ᠪᠣᠳᠠᠲᠤ ᠶᠠᠪᠤᠳᠠᠯ ᠢ ᠰᠠᠶᠢᠲᠤᠷ ᠬᠢᠬᠦ ᠪᠠᠷ ᠬᠦᠴᠦᠯᠡᠵᠦ᠂ ᠰᠠᠶᠢᠨ ᠶᠠᠪᠤᠳᠠᠯ ᠢ ᠦᠨᠡᠨ ᠬᠦ ᠪᠣᠳᠠᠲᠠᠢ ᠬᠢᠵᠦ᠂ ᠠᠷᠠᠳ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠬᠦᠯᠦᠭᠰᠡᠨ ᠪᠠᠶᠢᠨ᠎ᠠ᠃ | 5 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠠᠳᠠᠯ ᠤᠶᠢᠯᠡᠰ ᠪᠤᠰᠬᠠᠬᠤ ᠲᠣᠮᠣ ᠠᠰᠠᠷ ᠤᠨ ᠡᠷᠬᠢᠨ ᠲᠣᠭᠤᠷᠢᠨ ᠳᠤ᠂ ᠪᠠᠷᠢᠯᠭ᠎ᠠ ᠶᠢᠨ | ᠠᠵᠢᠯᠲᠠᠳ ᠶᠠᠭ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠤᠨ ᠨᠢᠭᠡᠳᠤᠭᠡᠷ ᠠᠯᠬᠤᠮ ᠤᠨ ᠠᠵᠢᠯ ᠢ ᠬᠢᠵᠦ ᠪᠠᠶᠢᠪᠠ᠃ ᠡᠨᠡ | ᠵᠢᠯ ᠠᠯᠳᠠᠨᠰᠢᠷᠡᠭᠡ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠡᠷᠭᠡᠨ ᠵᠤᠭᠰᠤᠭᠠᠯ ᠤᠨ | ᠲᠠᠯᠠᠪᠠᠢ ᠶᠢ 7 ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠡᠷᠭᠡ ᠵᠣᠭᠰᠣᠬᠤ ᠭᠠᠵᠠᠷ ᠢ 700 ᠰᠢᠨ᠎ᠡ ᠪᠠᠷ ᠨᠡᠮᠡᠭᠳᠡᠭᠦᠯᠵᠦ᠂ | ᠪᠦᠲᠦᠭᠡᠨ ᠪᠠᠶᠢᠭᠤᠯᠤᠯᠲᠠ ᠶᠢᠨ ᠶᠡᠷᠤᠩᠭᠡᠢ ᠪᠡᠯᠡ ᠣᠷᠣᠭᠤᠯᠤᠯᠲᠠ ᠨᠢ 1800 ᠲᠦᠮᠡᠨ ᠲᠥᠭᠦᠷᠢᠭ ᠪᠠᠶᠢᠵᠤ᠂ ᠤᠳᠤᠬᠠᠨ ᠳᠤ 3 ᠲᠡᠷᠭᠡᠨ ᠵᠤᠭᠰᠤᠭᠠᠯ ᠤᠨ | ᠲᠠᠯᠠᠪᠠᠢ ᠨᠢ ᠨᠢᠭᠡᠨᠲᠡ ᠠᠵᠢᠯ ᠢᠶᠠᠨ ᠡᠬᠢᠯᠡᠭᠦᠯᠵᠦ᠂ ᠦᠯᠡᠳᠡᠭᠰᠡᠨ ᠲᠡᠷᠭᠡᠨ ᠵᠤᠭᠰᠤᠭᠠᠯ ᠤᠨ ᠲᠠᠯᠠᠪᠠᠢ ᠶᠢ ᠵᠠᠯᠭᠠᠭ᠎ᠠ ᠵᠠᠯᠭᠠᠭ᠎ᠠ ᠪᠠᠷ ᠠᠵᠢᠯ ᠢ ᠨᠢ ᠡᠬᠢᠯᠡᠭᠦᠯᠵᠦ᠂ 8 | ᠳ᠋ᠤᠭᠠᠷ ᠰᠠᠷ᠎ᠠ ᠶᠢᠨ ᠳᠤᠮᠳᠠᠴᠢ ᠪᠠᠷ ᠪᠦᠬᠦᠨ ᠢ ᠠᠵᠢᠯ ᠳᠠᠭᠤᠰᠬᠠᠬᠤ ᠪᠠᠷ ᠲᠦᠰᠤᠪᠯᠡᠵᠦ ᠪᠠᠶᠢᠨ᠎ᠠ᠃ | ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ ᠳᠤ ᠲᠤᠯᠤᠭ᠎ᠠ ᠨᠠᠢᠮᠠᠨ ᠠᠵᠢᠯᠴᠢᠨ ᠨᠡᠶᠢᠲᠡ ᠶᠢᠨ ᠠᠷᠢᠭᠤᠨ ᠴᠡᠪᠡᠷ ᠤᠨ | ᠲᠠᠰᠤᠯᠭ᠎ᠠ ᠶᠢᠨ ᠰᠠᠭᠤᠷᠢ ᠪᠠᠷᠢᠯᠭ᠎ᠠ ᠶᠢᠨ ᠠᠵᠢᠯ ᠳᠤ ᠶᠠᠭᠠᠷᠠᠯᠳᠤᠨ᠂ ᠨᠤᠭᠤ ᠭᠠᠵᠠᠷ ᠤᠨ ᠴᠡᠴᠡᠷᠯᠢᠭ ᠤᠨ ᠣᠶᠢᠷᠠᠯᠴᠠᠭ᠎ᠠ᠂ ᠪᠠᠷᠢᠯᠭ᠎ᠠ ᠶᠢᠨ ᠠᠵᠢᠯᠴᠢᠳ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠵᠢᠵᠢᠭ ᠠᠮᠠᠷᠠᠯᠲᠠ ᠶᠢᠨ ᠭᠠᠵᠠᠷ ᠤᠨ ᠬᠠᠯᠠᠭᠤᠨ ᠤᠰᠤ᠂ ᠳᠤᠯᠠᠭᠠᠯᠠᠭ᠎ᠠ ᠶᠢᠨ ᠲᠥᠬᠦᠭᠡᠷᠦᠮᠵᠢ ᠶᠢ ᠢᠵᠢ | ᠪᠦᠷᠢᠳᠦᠭᠦᠯᠦᠨ ᠤᠭᠰᠠᠷᠠᠬᠤ ᠠᠵᠢᠯ ᠳᠤ ᠶᠠᠭᠠᠷᠠᠯᠳᠤᠵᠤ ᠪᠠᠶᠢᠪᠠ᠃ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠄ ︽ᠵᠡᠭᠡᠯᠢ ᠠᠴᠠ ᠬᠤᠯᠠ ᠭᠠᠵᠠᠷ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠴᠢᠳ ᠲᠤ ᠠᠮᠠᠷᠠᠯᠲᠠ ᠶᠢᠨ ᠭᠠᠵᠠᠷ ᠪᠠᠶᠢᠭᠤᠯᠵᠤ ᠥᠭᠬᠦ ᠨᠢ ᠦᠨᠡᠬᠡᠷ ᠲᠠᠭᠠᠷᠠᠭᠰᠠᠨ ᠴᠠᠭ ᠲᠤ ᠲᠠᠬᠤ ᠨᠦᠮᠤᠭᠡᠷᠡᠬᠦᠯᠬᠦ ᠪᠠᠶᠢᠭ᠎ᠠ ᠶᠠᠪᠤᠳᠠᠯ ᠪᠣᠯᠤᠨ᠎ᠠ᠂ | ᠪᠢᠳᠡᠨ ᠳᠤ ᠰᠠᠯᠬᠢ ᠪᠣᠷᠣᠭᠠᠨ ᠬᠠᠯᠬᠠᠯᠠᠬᠤ ᠭᠠᠵᠠᠷ ᠤᠯᠭᠤᠭᠰᠠᠨ ᠢᠶᠠᠷ ᠪᠠᠷᠠᠬᠤ ᠥᠬᠡᠶ᠂ ᠪᠠᠭᠠᠵᠢ ᠬᠡᠷᠡᠭᠰᠡᠯ ᠢᠶᠠᠨ ᠴᠤ ᠲᠠᠯᠪᠢᠬᠤ ᠰᠠᠶᠢᠬᠠᠨ ᠭᠠᠵᠠᠷ ᠲᠠᠢ ᠪᠤᠯᠤᠯ᠎ᠠ᠂ | ᠡᠭᠦᠨ ᠤ ᠬᠠᠮᠲᠤ ᠪᠠᠰᠠ ᠬᠠᠯᠠᠭᠤᠨ ᠤᠰᠤ ᠤᠤᠭᠤᠵᠤ ᠪᠤᠯᠤᠨ᠎ᠠ᠃ ᠮᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠵᠠᠰᠠᠭ ᠤᠨ | ᠣᠷᠳᠣᠨ ᠠᠴᠠ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ︕︾ ᠭᠡᠮᠡᠨ ᠪᠠᠶᠠᠷᠳᠠᠶᠢᠬᠠᠨ ᠶᠠᠷᠢᠵᠤ ᠪᠠᠶᠢᠯ᠎ᠠ᠃ | ᠤᠢᠢᠯᠠᠭᠠᠭᠰᠠᠨ ᠢᠶᠠᠷ᠂ ᠠᠯᠳᠠᠨᠰᠢᠷᠡᠭᠡ ᠪᠠᠯᠭᠠᠰᠤ ᠪᠣᠯᠤᠨ ᠤᠰᠤᠨ ᠡᠷᠬᠢ ᠶᠢᠨ ᠰᠢᠨ᠎ᠡ ᠬᠤᠳᠠ ᠶᠢᠨ ᠬᠡᠰᠡᠭ ᠣᠷᠣᠨ ᠪᠦᠰᠡ ᠶᠢᠨ ᠰᠠᠭᠤᠭᠠᠯᠢ ᠠᠷᠠᠳ ᠤᠨ | ᠵᠣᠷᠯᠣᠩ ᠤᠨ ᠲᠠᠯ᠎ᠠ ᠶᠢᠨ ᠬᠦᠴᠢᠷᠳᠡᠯ ᠪᠣᠯᠤᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠵᠥᠭᠡᠭᠡᠪᠦᠷᠢᠯᠡᠬᠦ ᠴᠢᠳᠠᠪᠤᠷᠢ ᠬᠦᠷᠦᠯᠴᠡᠬᠦ ᠦᠬᠡᠢ ᠪᠠᠶᠢᠬᠤ ᠵᠡᠷᠭᠡ | ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠢᠨ 1181 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠰᠤᠨ | ᠡᠷᠬᠢ ᠶᠢᠨ ᠰᠢᠨ᠎ᠡ ᠬᠤᠳᠠ ᠶᠢᠨ ᠭᠡᠪᠴᠢᠶᠡᠨ ᠳᠤ 4 ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠰᠢᠨ᠎ᠡ ᠪᠠᠷ ᠪᠠᠶᠢᠭᠤᠯᠵᠤ᠂ ᠠᠯᠳᠠᠨᠰᠢᠷᠡᠭᠡ | ᠪᠠᠯᠭᠠᠰᠤᠨ ᠤ ᠬᠤᠳᠠ ᠶᠢᠨ ᠲᠣᠭᠤᠷᠢᠭ ᠲᠤ 4 ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠪᠣᠯᠤᠨ 1 ᠬᠤᠭ ᠨᠣᠪᠰᠢ ᠳᠠᠮᠵᠢᠭᠤᠯᠬᠤ ᠦᠷᠳᠡᠭᠡ ᠶᠢ | ᠰᠢᠨ᠎ᠡ ᠪᠠᠷ ᠪᠠᠶᠢᠭᠤᠯᠬᠤ ᠶᠢᠨ ᠬᠠᠮᠲᠤ 30 ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠪᠠ᠃ | ᠭᠡᠯᠡᠪᠠᠯ ᠦᠭᠡ ᠬᠢᠰᠬᠢᠪᠡᠯ ᠭᠠᠵᠠᠷ᠂ ᠬᠤᠷᠳᠤᠴᠠ ᠪᠠᠨ ᠲᠦᠷᠭᠡᠳᠭᠡᠨ᠂ ᠠᠬᠢᠴᠠ ᠪᠠᠨ ᠲᠦᠷᠭᠡᠳᠬᠡᠵᠦ᠂ 10 ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠵᠡᠨ ᠬᠤᠷᠤᠭ᠎ᠠ | ᠬᠤᠰᠢᠭᠤᠨ ᠤ ᠬᠢᠨ ᠵᠢᠷᠤᠭ ᠡᠯᠭᠦᠨ ᠪᠠᠶᠢᠯᠳᠤᠵᠤ᠂ ᠠᠷᠠᠳ ᠤᠨ ᠠᠮᠢᠳᠤᠷᠠᠯ ᠤᠨ ᠶᠠᠪᠤᠳᠠᠯ ᠢ ᠨᠢᠭᠡ ᠨᠢᠭᠡ ᠪᠠᠷ᠂ ᠴᠠᠭ ᠲᠤᠬᠠᠢ ᠳᠤᠨᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠠᠷᠠᠳ ᠤᠯᠠᠨ ᠳᠤ ᠦᠨᠡᠨ ᠬᠦ ᠵᠣᠯ ᠵᠢᠷᠭᠠᠯ ᠢ ᠡᠳ᠋ᠯᠡᠭᠦᠯᠵᠦ᠂ 2023 ᠣᠨ ᠤ ︽ᠰᠢᠨ᠎ᠡ ᠨᠠᠷᠢᠨ ᠳᠠᠩᠰᠠ︾ ᠳᠤ ᠨᠡᠩ ᠤᠯᠠᠨ ᠬᠦᠰᠡᠯ | ᠡᠷᠡᠮᠡᠯᠵᠡᠯ ᠲᠠᠢ ᠪᠣᠯᠪᠠ᠃ ᠤᠳᠤᠬᠠᠨ ᠪᠣᠯᠲᠠᠯ᠎ᠠ᠂ ᠡᠵᠡᠨ ᠬᠤᠷᠤᠭ᠎ᠠ ᠬᠤᠰᠢᠭᠤ 2023 ᠣᠨ ᠳᠤ ᠨᠡᠶᠢᠲᠡ 10 ᠵᠤᠶᠢᠯ ᠤᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠪᠢᠯᠧᠲ ᠦᠭᠬᠦᠭᠰᠡᠨ ᠵᠤᠶᠢᠯᠡᠰ ᠢ ᠬᠡᠷᠡᠭᠵᠢᠭᠦᠯᠵᠦ᠂ 7 ᠲᠦᠷᠦᠯ ᠵᠦᠢᠯ ᠨᠢ ᠨᠢᠭᠡᠨᠲᠡ ᠠᠵᠢᠯ ᠢᠶᠠᠨ ᠡᠬᠢᠯᠡᠭᠦᠯᠵᠦ᠂ ᠪᠤᠰᠤᠳ ᠢ ᠨᠢ | ᠬᠤᠷᠳᠤᠴᠠ ᠪᠠᠨ ᠲᠦᠷᠭᠡᠳᠭᠡᠨ ᠠᠬᠢᠭᠤᠯᠬᠤ ᠱᠠᠳᠤᠨ ᠳᠤ ᠪᠠᠨ ᠪᠤᠢ᠃ | | | | | |