ᠦ᠋ ᠶᠦᠨ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠥᠷᠥᠯ ᠵᠤᠶᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2023/5/25
     5 ᠳ᠋ᠤᠭᠠᠷ ᠰᠠᠷ᠎ᠠ ᠶᠢᠨ 24᠎ ᠤ ᠡᠳᠦᠷ᠂  ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠥ᠋ ᠶᠦᠨ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠥᠷᠥᠯ ᠵᠤᠶᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠭᠤᠤᠯᠳᠠᠯᠭ᠎ᠠ ᠲᠠᠢ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠡᠨᠧᠷᠭᠢ ᠶᠢᠨ ᠲᠥᠷᠥᠯ ᠵᠤᠶᠢᠯ ᠢ ᠠᠬᠢᠭᠤᠯᠬᠤ ᠵᠡᠷᠭᠡ ᠠᠵᠢᠯ ᠢ ᠲᠣᠬᠢᠷᠠᠭᠤᠯᠪᠠ᠃     ᠥ᠋ ᠶᠦᠨ ᠭᠡᠯᠡᠬᠦ ᠳᠡᠭᠡᠨ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ︽ᠴᠠᠭ ᠨᠢ ᠬᠠᠭᠠᠰ ᠥᠩᠭᠡᠷᠡᠵᠦ᠂ ᠡᠭᠦᠷᠭᠡ ᠶᠢᠨ ᠬᠠᠭᠠᠰ ᠢ ᠪᠡᠶᠡᠯᠡᠬᠦᠯᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠤᠶᠢᠯ ᠤᠨ ᠬᠦᠢᠴᠡᠳᠭᠡᠯ ᠲᠣᠭᠠᠨ ᠤ ᠡᠭᠦᠷᠭᠡ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠵᠤᠶᠢᠯ ᠤᠨ ᠠᠵᠢᠯ ᠢᠶᠠᠨ ᠡᠮᠦᠨ᠎ᠡ ᠡᠩᠨᠡᠭᠡᠨ ᠳᠤ ᠶᠠᠪᠤᠭᠤᠯᠬᠤ ᠪᠠᠷ ᠴᠢᠷᠮᠠᠶᠢᠬᠤ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠬᠠᠷᠢᠭᠤᠴᠠᠯᠭᠠᠲᠤ ᠨᠢᠭᠡᠴᠢ ᠲᠦᠷᠦᠭᠦᠯᠡᠨ ᠬᠢᠵᠦ᠂ ᠳᠡᠭᠡᠳᠦ ᠱᠠᠲᠤ ᠶᠢ ᠵᠣᠯᠭᠠᠭᠤᠯᠬᠤ᠂ ᠮᠥᠷᠳᠡᠨ ᠵᠣᠬᠢᠴᠠᠭᠤᠯᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠠᠷᠳᠠᠮ ᠬᠦᠢᠴᠡᠳᠭᠡᠬᠦ ᠶᠢ ᠲᠦᠷᠭᠡᠳᠬᠡᠵᠦ᠂ ᠭᠤᠤᠯᠳᠠᠯᠭ᠎ᠠ ᠲᠠᠢ ᠲᠥᠷᠥᠯ ᠵᠤᠶᠢᠯ ᠤᠨ ᠠᠵᠢᠯ ᠢᠶᠠᠨ ᠰᠡᠷᠭᠦᠭᠡᠵᠦ  ᠤᠶᠢᠯᠡᠳᠪᠤᠷᠢᠯᠡᠯ ᠢᠶᠠᠨ ᠰᠡᠷᠭᠦᠭᠡᠬᠦ᠂ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ︽ᠲᠠᠩᠰᠠ ᠲᠤᠰᠢᠶᠠᠬᠤ︾ ᠤᠬᠠᠮᠰᠠᠷ ᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠶᠢ ᠪᠡᠶᠡᠯᠡᠭᠦᠯᠬᠦ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠵᠢᠯ ᠢᠶᠠᠨ ᠰᠡᠷᠭᠦᠭᠡᠵᠦ  ᠤᠶᠢᠯᠡᠳᠪᠤᠷᠢᠯᠡᠯ ᠢᠶᠠᠨ ᠰᠡᠷᠭᠦᠭᠡᠬᠦ ᠪᠠ ᠤᠶᠢᠯᠡᠳᠪᠤᠷᠢᠯᠡᠯ ᠪᠣᠷᠣᠯᠠᠭᠤᠯᠭ᠎ᠠ ᠶᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠭᠠᠷᠤᠯᠲᠠ ᠬᠠᠰᠤᠭᠳᠠᠭᠰᠠᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ ᠠᠭᠤᠷᠬᠠᠶ ᠳᠠᠷᠠᠭᠠᠯᠠᠨ ᠠᠷᠭ᠎ᠠ ᠬᠡᠮᠵᠢᠶ᠎ᠡ ᠲᠣᠭᠲᠠᠭᠠᠵᠤ᠂ ᠤᠶᠢᠯᠡᠳᠪᠤᠷᠢᠯᠡᠯ ᠤᠨ ᠳᠠᠯᠳᠠ ᠬᠦᠴᠦᠨ ᠢ ᠠᠭᠤᠳᠠᠯᠵᠤ᠂  ᠤᠶᠢᠯᠡᠳᠪᠤᠷᠢᠯᠡᠯ ᠢᠶᠠᠨ ᠲᠣᠭᠲᠠᠪᠤᠷᠢᠵᠢᠭᠤᠯᠵᠤ  ᠤᠶᠢᠯᠡᠳᠪᠤᠷᠢᠯᠡᠯ ᠢᠶᠠᠨ ᠬᠠᠮᠤᠭ ᠶᠡᠭᠡ ᠭᠡᠮᠵᠢᠶ᠎ᠡ ᠪᠠᠷ ᠪᠡᠶᠡᠯᠡᠬᠦᠯᠬᠦ  ᠶᠢ ᠠᠬᠢᠭᠤᠯᠬᠤ ᠬᠡᠷᠡᠭᠲᠡᠶ ᠭᠡᠰᠡᠨ ᠪᠠᠶᠢᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ᠂  ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ  ᠤᠷᠤᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ