ᠪᠣᠯᠪᠠᠰᠤᠨ ᠰᠤᠷᠲᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠳᠤ ᠪᠤᠯᠪᠠ
ᠨᠡᠶᠢᠲᠡᠯᠡᠭᠰᠡᠨ ᠴᠠᠭ᠄
2023/5/26
                                                5 ᠳ᠋ᠤᠭᠠᠷ ᠰᠠᠷ᠎ᠠ ᠶᠢᠨ 25᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶ᠎ᠠ ᠶᠢᠨ ᠬᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ︽ᠭᠠᠷ ᠭᠠᠷ ᠢᠶᠠᠨ ᠬᠤᠯᠪᠣᠨ ᠬᠠᠮᠲᠤ ᠪᠠᠷ ᠪᠣᠯᠪᠠᠰᠤᠨ ᠢ ᠡᠬᠦᠳᠬᠦ︾ ᠪᠣᠯᠪᠠᠰᠤᠨ ᠰᠤᠷᠲᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ  ᠦᠷᠨᠢᠬᠦᠯᠪᠡ᠃     ᠠᠵᠢᠯᠯᠠᠭᠠᠨ ᠤ ᠳᠤᠮᠳᠠ᠂ ᠲᠤᠰᠬᠠᠶ ᠰᠡᠳᠦᠪᠲᠦ ᠤᠬᠠᠭᠤᠯᠭ᠎ᠠ ᠬᠢᠬᠦ᠂ ᠮᠡᠳᠡᠯᠭᠡ ᠶᠢᠨ ᠠᠰᠠᠭᠤᠯᠲᠠ ᠬᠠᠷᠢᠭᠤᠯᠳᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ ᠪᠣᠯᠪᠠᠰᠤᠨ ᠰᠢᠨ᠎ᠡ ᠰᠤᠷᠲᠠᠯ ᠢ ᠬᠡᠷ ᠪᠦᠯᠢ ᠳᠤ ᠤᠷᠤᠭᠤᠯᠤᠨ᠂ ᠨᠡᠶᠢᠭᠡᠮ ᠲᠠᠢ ᠠᠭᠤᠰᠤᠯᠴᠠᠭᠤᠯᠬᠤ ᠶᠢᠨ ᠬᠠᠮᠲᠤ᠂ ᠬᠡᠷ ᠤᠨ ᠠᠬᠠᠮᠠᠳ ᠤᠨ ᠬᠡᠦᠬᠡᠳ ᠲᠤ ᠪᠠᠨ ᠳᠠᠭᠤᠷᠢᠶᠠᠯ ᠦᠵᠡᠬᠦᠯᠤᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠯᠪᠠᠰᠤᠨ᠂ ᠡᠮᠬᠢ ᠳᠢᠭᠯᠢᠮ ᠢ ᠬᠠᠮᠲᠤᠪᠠᠷ ᠬᠠᠮᠠᠭᠠᠯᠠᠵᠤ᠂ ︽ᠨᠢᠭᠡ ᠰᠤᠷᠤᠭᠴᠢ ᠶᠢ ᠬᠦᠮᠤᠵᠢᠬᠦᠯᠤᠨ᠂ ᠨᠢᠭᠡ ᠭᠡᠷ ᠪᠦᠯᠢ ᠶᠢ ᠲᠠᠶᠢᠴᠢᠯᠠᠵᠤ᠂ ᠪᠦᠬᠦ ᠬᠤᠲᠠ ᠶᠢᠨ ᠪᠣᠯᠪᠠᠰᠤᠨ ᠢ ᠡᠬᠦᠳᠬᠦ︾ ᠬᠠᠷᠠᠯᠲᠠ ᠶᠢ ᠪᠡᠶᠡᠯᠡᠭᠦᠯᠦᠨ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠎ ᠪᠠᠨ ᠦᠵᠡᠬᠦᠯᠦᠭᠰᠡᠨ ᠪᠠᠶᠢᠨ᠎ᠠ᠃         
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ