ᠪᠥᠬᠦ ᠣᠷᠣᠨ ᠤ ᠠᠩᠬᠠᠳᠠᠭᠴᠢ ᠬᠦᠷᠢᠶᠡᠯᠡᠩ ᠲᠣᠭᠤᠷᠢᠭ ᠤᠨ ᠴᠠᠬᠢᠯᠭᠠᠨ ᠬᠦᠴᠦᠨ ᠤ ᠦᠢᠯᠡᠴᠢᠯᠡᠭᠡᠨ ᠤ ᠥᠷᠲᠡᠭᠡ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ ᠳᠤ ᠡᠵᠡᠩᠨᠡᠯᠲᠡ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/5/26
     5 ᠳ᠋ᠤᠭᠠᠷ ᠰᠠᠷ᠎ᠠ ᠶᠢᠨ 25᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠣᠷᠳᠣᠰ ᠤᠨ ᠴᠠᠬᠢᠯᠭᠠᠨ e ᠰᠢᠶᠠᠩ︾ ᠬᠦᠷᠢᠶᠡᠯᠡᠩ ᠲᠣᠭᠤᠷᠢᠭ ᠤᠨ ᠴᠠᠬᠢᠯᠭᠠᠨ ᠬᠦᠴᠦᠨ ᠤ ᠦᠢᠯᠡᠴᠢᠯᠡᠭᠡᠨ ᠤ ᠥᠷᠲᠡᠭᠡ ᠣᠷᠳᠣᠰ ᠤᠨ ᠮᠧᠩ ᠰᠦ᠋ ᠠᠵᠤ ᠠᠬᠤᠶ ᠶᠢᠨ ᠨᠡᠭᠡᠭᠡᠯᠲᠡ ᠶᠢᠨ ᠣᠷᠣᠨ ᠳᠤ ᠫᠠᠶᠢᠰᠠ ᠰᠡᠬᠦᠬᠦ ᠡᠬᠢᠯᠡᠯᠲᠡ ᠶᠢᠨ ᠶᠣᠰᠣᠯᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ᠂ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠪᠢᠨ ᠶᠤᠰᠤᠯᠠᠯ ᠳᠤ ᠣᠷᠣᠯᠴᠠᠪᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠹᠧᠩ ᠰᠢᠶᠠᠩ ᠬᠤᠷᠠᠯ ᠢ ᠡᠷᠭᠢᠯᠡᠭᠰᠡᠨ ᠪᠥᠭᠡᠳ ᠤᠭᠲᠤᠬᠤ ᠦᠭᠡ ᠬᠡᠯᠡᠵᠦ᠂ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠸᠠᠢ ᠵᠧᠨ ᠢᠦᠶ ᠪᠠᠶᠠᠷ ᠤᠨ ᠦᠭᠡ ᠬᠡᠯᠡᠵᠡᠶ᠃ ᠦ᠋ ᠶᠦᠨ᠂ ᠲᠢᠶᠠᠨ ᠪᠢᠨ ︽ᠣᠷᠳᠣᠰ ᠤᠨ ᠴᠠᠬᠢᠯᠭᠠᠨ e ᠰᠢᠶᠠᠩ︾ ᠬᠦᠷᠢᠶᠡᠯᠡᠩ ᠲᠣᠭᠤᠷᠢᠭ ᠤᠨ ᠴᠠᠬᠢᠯᠭᠠᠨ ᠬᠦᠴᠦᠨ ᠤ  ᠦᠢᠯᠡᠴᠢᠯᠡᠭᠡᠨ ᠤ ᠥᠷᠲᠡᠭᠡ ᠶᠢᠨ ᠫᠠᠶᠢᠰᠠ ᠶᠢ ᠰᠡᠬᠦᠪᠡ᠃     ᠣᠶᠢᠯᠠᠭᠠᠭᠰᠠᠨ ᠢᠶᠠᠷ᠂ ︽ᠣᠷᠳᠣᠰ ᠤᠨ ᠴᠠᠬᠢᠯᠭᠠᠨ e ᠰᠢᠶᠠᠩ︾ ᠬᠦᠷᠢᠶᠡᠯᠡᠩ ᠲᠣᠭᠤᠷᠢᠭ ᠤᠨ ᠴᠠᠬᠢᠯᠭᠠᠨ ᠬᠦᠴᠦᠨ ᠤ ᠦᠢᠯᠡᠴᠢᠯᠡᠭᠡᠨ ᠤ ᠥᠷᠲᠡᠭᠡ ᠨᠢ ᠳᠥᠷᠪᠡᠨ ᠲᠠᠯ᠎ᠠ ᠶᠢᠨ ᠵᠥᠪᠳᠡᠯᠴᠡᠬᠦ ᠲᠣᠭᠲᠠᠴᠠ ᠶᠢ ᠪᠠᠶᠢᠩᠭᠤᠵᠢᠭᠤᠯᠤᠨ ᠪᠠᠶᠢᠭᠤᠯᠵᠤ᠂ ᠴᠠᠬᠢᠯᠭᠠᠨ ᠬᠠᠩᠭᠠᠬᠤ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠭᠡᠷᠡᠭᠯᠡᠭᠴᠢᠳ ᠲᠤ ᠪᠥᠬᠦ ᠦᠶᠡᠯᠡᠯ ᠤᠨ ᠬᠤᠭᠤᠴᠠᠭᠠᠨ ᠤ ᠴᠠᠬᠢᠯᠭᠠᠨ ᠬᠡᠷᠡᠭᠯᠡᠬᠦ  ᠤᠶᠢᠯᠡᠴᠢᠯᠡᠭᠡ ᠬᠠᠩᠭᠠᠵᠤ᠂ ᠭᠤᠤᠯᠳᠠᠯᠭ᠎ᠠ ᠲᠠᠢ ᠲᠥᠷᠥᠯ ᠵᠣᠶᠢᠯ ᠤᠨ ᠴᠠᠬᠢᠯᠭᠠᠨ ᠬᠦᠴᠦᠨ ᠤ ᠢᠵᠢ ᠪᠦᠷᠢᠳᠦᠭᠦᠯᠬᠦ ᠢᠨᠵᠧᠨᠧᠷᠢᠩ ᠬᠢᠭᠡᠳ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠨᠢᠭᠡᠳᠦᠯᠲᠡᠶ ᠪᠠᠶᠢᠬᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠬᠢᠭᠡᠳ ᠲᠥᠷᠥᠯ  ᠵᠣᠶᠢᠯ ᠤᠨ ᠠᠬᠢᠴᠠ ᠵᠡᠷᠭᠡᠪᠡᠷ ᠤᠷᠤᠭᠰᠢᠯᠠᠬᠤ ᠶᠢ ᠦᠨᠡᠨ ᠬᠦ ᠪᠠᠲᠤᠯᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠴᠠᠭ ᠲᠤᠬᠠᠶ ᠳᠤᠨᠢ ᠠᠰᠢᠭᠯᠠᠯᠲᠠ ᠳᠤ ᠣᠷᠣᠬᠤ ᠶᠢ ᠪᠠᠳᠤᠯᠠᠵᠤ ᠪᠠᠶᠢᠨ᠎ᠠ᠃      ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠠᠵᠢᠯ ᠦᠢᠯᠡᠰ ᠢᠶᠠᠨ ᠥᠷᠭᠡᠳᠬᠡᠵᠦ᠂ ᠴᠠᠬᠢᠯᠭᠠᠨ ᠬᠡᠷᠡᠭᠯᠡᠯᠲᠡ ᠶᠢᠨ ᠪᠠᠶᠢᠴᠠᠭᠠᠯᠲᠠ᠂ ᠡᠵᠡᠩᠨᠡᠯᠲᠡ ᠶᠢᠨ ᠲᠣᠭᠠᠴᠠᠭ᠎ᠠ᠂ ᠭᠤᠤᠯ ᠲᠦᠭᠡᠭᠡᠬᠦ ᠰᠦᠯᠵᠢᠶ᠎ᠡ ᠶᠢᠨ ᠢᠨᠵᠧᠨᠧᠷᠢᠩ ᠵᠡᠷᠭᠡ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠦᠢᠯᠡᠴᠢᠯᠡᠭᠡᠨ ᠤ ᠥᠷᠲᠡᠭᠡ ᠶᠢ ᠰᠤᠩᠭᠤᠨ ᠂ ᠬᠦᠷᠢᠶᠡᠯᠡᠩ ᠲᠣᠭᠤᠷᠢᠭ᠂ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠬᠠᠮᠲᠤᠷᠠᠨ  ᠠᠵᠢᠯᠯᠠᠵᠣ᠂ ᠳᠠᠭᠠᠭᠠᠴᠠ ᠶᠢᠨ ᠪᠠᠶᠢᠴᠠᠭᠠᠨ ᠰᠤᠳᠤᠯᠤᠯᠲᠠ᠂ ᠳ᠋ᠠᠶᠢᠲ᠋ᠠ ᠬᠠᠷᠢᠯᠴᠠᠨ ᠨᠡᠪᠲᠡᠷᠡᠯᠴᠡᠬᠦ᠂ ᠤᠯᠠᠨ ᠲᠠᠯ᠎ᠠ ᠶᠢᠨ ᠬᠠᠮᠵᠢᠯᠴᠠᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ 8  ᠵᠣᠶᠢᠯ ᠤᠨ ᠠᠵᠢᠯ ᠤᠨ ᠲᠤᠰᠢᠶᠠᠯ ᠬᠠᠷᠢᠭᠤᠴᠠᠯᠭ᠎ᠠ  ᠶᠢ ᠴᠢᠩᠭ᠎ᠠ  ᠨᠠᠶᠢᠳᠠᠪᠤᠷᠢᠵᠢᠭᠤᠯᠵᠣ᠂ 10 ᠵᠦᠢᠯ ᠤᠨ ᠭᠤᠣᠯᠳᠠᠯᠭ᠎ᠠ ᠲᠠᠢ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ  ᠨᠡᠶᠢᠳᠡᠯᠡᠵᠦ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ᠂ ᠴᠠᠬᠢᠯᠭᠠᠨ ᠲᠣᠣᠷ ᠤᠨ ᠲᠠᠷᠬᠠᠯᠲᠠ᠂ ᠵᠠᠯᠭᠠᠨ ᠣᠷᠣᠭᠤᠯᠬᠤ ᠴᠢᠳᠠᠪᠤᠷᠢ ᠵᠢᠴᠢ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ  ᠵᠣᠶᠢᠯ ᠵᠡᠷᠭᠡ ᠪᠣᠳᠠᠲᠤ ᠪᠠᠶᠢᠳᠠᠯ ᠢ ᠭᠦᠢᠴᠡᠳ ᠤᠶᠢᠯᠠᠭᠠᠵᠣ᠂ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠬᠦᠢᠴᠡᠳ ᠰᠢᠢᠳᠪᠤᠷᠢᠯᠡᠨ᠂ ᠬᠡᠷᠡᠭᠯᠡᠭᠴᠢᠳ ᠤᠨ ᠴᠠᠬᠢᠯᠭᠠᠨ ᠬᠦᠴᠦᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ  ᠪᠠᠷ ᠪᠠᠶᠢᠨ᠎ᠠ᠃      ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠶ᠃            
ᠢᠷᠡᠯᠲᠡ᠄ ᠵᠠᠰᠠᠭ ᠤᠨ ᠣᠷᠳᠣᠨ ᠤ ᠠᠯᠪᠠᠨ ᠬᠡᠷ