《ᠮᠧᠩ ᠲᠠᠢ᠂ 2023 ᠣᠷᠳᠣᠰ ᠤᠨ ᠮᠠᠷᠠᠽᠤᠨ ᠤᠷᠤᠯᠳᠤᠭᠠᠨ》ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/5/28
     5 ᠳ᠋ᠤᠭᠠᠷ ᠰᠠᠷ᠎ᠠ ᠶᠢᠨ 27᠎ ᠤ ᠡᠳᠦᠷ ᠤᠨ 16 ᠴᠠᠭ 30 ᠮᠢᠨᠦ᠋ᠲ ᠲᠤ᠂《ᠮᠧᠩ ᠲᠠᠢ᠂ 2023 ᠣᠷᠳᠣᠰ ᠤᠨ ᠮᠠᠷᠠᠽᠤᠨ ᠤᠷᠤᠯᠳᠤᠭᠠᠨ 》ᠠᠮᠵᠢᠯᠳᠠ ᠎ ᠲᠠᠢ ᠶᠠᠪᠤᠭᠳᠠᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ 2 ᠲᠦᠮᠡ ᠭᠠᠷᠤᠢ ᠲᠠᠮᠢᠷᠴᠢᠨ ᠪᠤᠯᠤᠨ ᠲᠤᠷ᠎ᠠ ᠪᠠᠭ᠋ᠠᠳᠠᠳ ᠤᠷᠤᠯᠴᠠᠵᠦ᠂ ᠠᠮᠢᠵᠢᠷᠠᠯ ᠤᠨ ᠬᠦᠴᠦᠨ ᠢᠶᠠᠷ ᠬᠤᠳᠠ ᠶᠢ ᠠᠮᠢᠯᠠᠭᠤᠯᠤᠨ᠂ ᠦᠵᠡᠰᠬᠦᠯᠡᠩᠲᠦ ᠰᠠᠶᠢᠬᠠᠨ ᠨᠣᠭᠤᠭᠠᠨ ᠬᠤᠳᠠ ᠶᠢᠨ ᠬᠥᠭᠵᠢᠯ ᠪᠠᠳᠠᠷᠠᠯ ᠤᠨ ︽ᠬᠤᠷᠳᠤᠴᠠ ᠪᠠ ᠣᠷᠭᠢᠯᠤᠮ᠎ᠠ ᠰᠡᠳᠬᠢᠯᠭᠡ︾᠎ ᠶᠢ ᠬᠦᠯ ᠤᠨ ᠠᠯᠬᠤᠮ ᠢᠶᠠᠷ ᠢᠶᠠᠨ ᠢᠯᠡᠷᠡᠬᠦᠯᠪᠡ᠃     ᠤᠷᠤᠯᠳᠤᠭᠠᠨ ᠨᠢ ︽ᠣᠳᠣᠨ ᠣᠭᠲᠠᠷᠭᠤᠢ ᠲᠠᠢ ᠣᠷᠳᠣᠰ ᠤᠨ ᠮᠠᠷᠠᠽᠤᠨ᠂  ᠬᠠᠶᠢᠷ᠎ᠠ ᠬᠠᠯᠠᠮᠵᠢᠳᠤ ᠬᠤᠳᠠ ᠶᠢᠨ ᠪᠤᠯᠵᠤᠭ᠎ᠠ︾᠎ ᠪᠠᠷ ᠭᠤᠣᠯ ᠰᠡᠳᠦᠪ ᠪᠣᠯᠭᠠᠵᠤ᠂ 42  ᠺᠢᠯᠤᠮᠧᠲᠷ ᠤᠨ ᠵᠠᠢ ᠲᠠᠢ ᠪᠦᠬᠦ ᠵᠠᠮ ᠤᠨ ᠮᠠᠷᠠᠽᠤᠨ᠂ 21 ᠺᠢᠯᠤᠮᠧᠲᠷ ᠤᠨ ᠵᠠᠢ ᠲᠠᠢ ᠬᠠᠭᠠᠰ ᠵᠠᠮ ᠤᠨ ᠮᠠᠷᠠᠽᠤᠨ᠂ 5 ᠺᠢᠯᠤᠮᠧᠲᠷ ᠤᠨ ᠵᠠᠢ ᠎ ᠲᠠᠢ ᠮᠠᠷᠠᠽᠤᠨ ᠤᠷᠤᠯᠳᠤᠭᠠᠨ ᠪᠠ ᠡᠴᠢᠭᠡ ᠡᠬᠡ ᠦᠷ᠎ᠡ ᠬᠡᠦᠬᠡᠳ ᠤᠨ ᠮᠠᠷᠠᠽᠤᠨ ᠵᠡᠷᠭᠡ ᠳᠥᠷᠪᠡᠨ ᠠᠩᠬᠢᠯᠠᠯ ᠢ ᠬᠤᠪᠢᠶᠠᠨ ᠲᠣᠬᠢᠷᠠᠭᠤᠯᠵᠤ᠂ ᠤᠷᠤᠯᠳᠤᠭᠠᠨ ᠤ ᠵᠠᠮ ᠎ ᠨᠢ ᠳᠥᠷᠪᠡᠳᠦᠭᠡᠷ ᠬᠥᠭᠦᠷᠭᠡ᠂ ᠮᠠᠨ ᠯᠧ ᠬᠤᠲᠠ᠂ ᠤᠯᠠᠭᠠᠨᠮᠦ᠋ᠷᠡᠨ ᠦᠵᠡᠮᠵᠢ ᠶᠢᠨ ᠴᠡᠴᠡᠷᠯᠢᠭ ᠵᠡᠷᠭᠡ ᠤᠰᠤᠨ ᠤ ᠦᠵᠡᠮᠵᠢ᠂ ᠬᠤᠳᠠᠯᠳᠤᠭᠠᠨ ᠤ ᠲᠣᠭᠤᠷᠢᠭ ᠵᠢᠴᠢ ᠬᠤᠲᠠ ᠶᠢᠨ ᠭᠠᠵᠠᠷ ᠤᠨ ᠲᠡᠮᠳᠡᠭᠳᠦ ᠪᠠᠷᠢᠯᠭ᠎ᠠ ᠪᠠᠷ ᠥᠩᠭᠡᠷᠡᠵᠦ᠂ ᠥᠨᠳᠥᠷ ᠠᠰᠠᠷ ᠨᠣᠭᠤᠭᠠᠨ ᠮᠣᠳᠣᠳ ᠦᠩᠭᠡ ᠢᠯᠭᠠᠷᠠᠨ᠂ ᠭᠠᠵᠠᠷ ᠪᠣᠯᠭᠠᠨ ᠳᠤ ᠦᠵᠡᠰᠬᠦᠯᠡᠩᠲᠦ ᠰᠠᠶᠢᠬᠠᠨ ᠨᠣᠭᠤᠭᠠᠨ ᠬᠤᠲᠠ ᠶᠢᠨ ᠳᠦᠷᠢ ᠲᠥᠷᠬᠦ ᠨᠢ ᠬᠥᠮᠦᠨ ᠢ ᠰᠣᠭᠲᠣᠷᠠᠭᠤᠯᠤᠮ᠎ᠠ ᠪᠠᠶᠢᠯ᠎ᠠ᠃     ᠤᠷᠤᠯᠳᠤᠭᠠᠨ ᠤ ᠵᠠᠮ ᠲᠠᠭᠠᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠡᠮᠨᠡᠯᠭᠡ ᠶᠢᠨ ᠠᠵᠢᠯᠲᠠᠨ᠂ ᠰᠠᠶᠢᠨ ᠳᠤᠷ᠎ᠠ ᠶᠢᠨ ᠤᠶᠢᠯᠡᠴᠢᠯᠡᠭᠴᠢᠳ ᠴᠢᠩ ᠰᠡᠳᠬᠢᠯ ᠠᠴᠠ ᠪᠠᠨ ᠰᠠᠬᠢᠨ ᠬᠠᠮᠠᠭᠠᠯᠠᠵᠤ ᠪᠥᠬᠦ ᠬᠦᠴᠦᠨ ᠢᠶᠠᠷ ᠢᠶᠠᠨ ᠤᠶᠢᠯᠡᠴᠢᠯᠡᠨ᠂ ᠡᠵᠡᠨ ᠬᠤᠷᠤᠭ᠎ᠠ ᠶᠢᠨ ᠬᠠᠯᠠᠭᠤᠮᠰᠤᠭ ᠢ ᠲᠠᠮᠢᠷᠴᠢᠨ ᠪᠤᠯᠭᠠᠨ ᠳᠤ ᠲᠠᠮᠵᠢᠭᠤᠯᠵᠤ ᠪᠠᠶᠢᠪᠠ ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ