13 ᠨᠡᠷᠡᠲᠦ ᠡᠮᠴᠢ ᠡᠵᠡᠨ ᠬᠤᠷᠤᠭ᠎ᠠ ᠬᠤᠰᠢᠭᠤᠨ ᠳᠤ ᠠᠶᠢᠯᠴᠢᠯᠠᠯ᠎ᠠ
ᠨᠡᠶᠢᠲᠡᠯᠡᠭᠰᠡᠨ ᠴᠠᠭ᠄
2023/5/30
     5 ᠳ᠋ᠤᠭᠠᠷ ᠰᠠᠷ᠎ᠠ ᠶᠢᠨ 29᠎ ᠤ ᠡᠳᠦᠷ᠂ ︽ᠬᠤᠪᠢᠰᠬᠠᠯᠲᠤ ᠡᠮᠴᠢᠯᠡᠭᠡ ᠪᠠᠷ ᠡᠷᠡᠭᠦᠯ ᠡᠩᠬᠡ ᠶᠢ ᠬᠦᠷᠭᠡᠬᠦ︾ ᠥᠪᠡᠷᠲᠡᠭᠡᠨ ᠵᠠᠰᠠᠬᠤ ᠣᠷᠣᠨ ᠤ ᠨᠠᠷᠠᠲᠤ ᠡᠮᠴᠢᠯᠡᠭᠡᠨ ᠤ ᠳ᠋ᠣᠺᠲ᠋ᠣᠷ ᠤᠨ ᠪᠦᠯᠬᠦᠮ ᠤᠨ ᠲᠣᠮᠣ ᠬᠡᠯᠪᠡᠷᠢ ᠶᠢᠨ  ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠵᠢᠴᠢ ᠬᠢᠲᠠᠳ ᠮᠤᠩᠭᠤᠯ ᠡᠮ ᠡᠮᠨᠡᠯᠭᠡ ᠪᠠᠷ ᠡᠷᠡᠭᠦᠯ ᠮᠡᠨᠳᠦ ᠶᠢ ᠠᠬᠢᠭᠤᠯᠬᠤ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠡᠵᠡᠨ ᠬᠤᠷᠤᠭ᠎ᠠ ᠬᠤᠰᠢᠭᠤᠨ ᠤ  ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ 13 ᠨᠠᠷᠠᠲᠤ ᠡᠮᠴᠢᠯᠡᠬᠡᠨ ᠤ ᠲᠤᠰᠬᠠᠶ ᠮᠡᠷᠭᠡᠵᠢᠯᠲᠡᠨ ᠪᠠ ᠳ᠋ᠣᠺᠲ᠋ᠣᠷ ᠤᠨ ᠪᠦᠯᠬᠦᠮ ᠡᠵᠡᠨ ᠬᠤᠷᠤᠭ᠎ᠠ ᠬᠤᠰᠢᠭᠤᠨ ᠳᠤ ᠴᠤᠭᠯᠠᠷᠠᠵᠤ᠂ ᠡᠷᠡᠭᠦᠯ ᠮᠡᠨᠳᠦ ᠶᠢ ᠬᠠᠮᠲᠤ ᠪᠠᠷ ᠠᠬᠢᠭᠤᠯᠬᠤ ᠪᠣᠯᠵᠤᠭ᠎ᠠ ᠳᠤ ᠣᠷᠣᠯᠴᠠᠪᠠ᠃     ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠡᠮᠴᠢᠯᠡᠭᠡᠨ ᠤ ᠲᠠᠰᠤᠭ ᠲᠤ᠂ ᠲᠤᠰᠬᠠᠶ ᠮᠡᠷᠭᠡᠵᠢᠯᠲᠡᠳ ᠮᠡᠷᠭᠡᠰᠢᠭᠰᠡᠨ ᠡᠮᠴᠢᠯᠡᠭᠡᠨ ᠤ ᠮᠡᠷᠭᠡᠵᠢᠯ ᠢᠶᠠᠷ ᠡᠪᠡᠳᠴᠢᠲᠡᠨ ᠳᠤ ᠲᠤᠰᠬᠠᠶᠢᠵᠢᠬᠰᠠᠨ ᠲᠤᠳᠤᠨᠤᠰᠤᠭ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠠᠷᠠᠳ ᠢᠷᠭᠡᠳ ᠲᠤ ᠭᠡᠷ ᠠᠴᠠ ᠪᠠᠨ ᠭᠠᠷᠬᠤ ᠥᠬᠡᠶ ᠪᠠᠷ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠵᠦ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠨᠢ ᠲᠠᠷᠢᠬᠢ ᠵᠢᠷᠤᠬᠡᠨ ᠤ ᠴᠢᠰᠤᠨ ᠰᠤᠳᠠᠯ᠂ ᠬᠠᠪᠤᠳᠠᠷ᠂ ᠮᠣᠩᠭᠤᠯ ᠡᠮᠨᠡᠯᠭᠡ ᠶᠢᠨ ᠹᠢᠽᠢᠺ ᠵᠠᠰᠠᠯ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠪᠠᠷ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠤᠰᠢᠭᠤ ᠰᠢᠶᠠᠨ ᠳᠤ ᠪᠠᠭᠤᠯᠭᠠᠬᠤ ᠶᠢᠨ ᠬᠠᠮᠲᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠰᠢᠨᠵᠢᠯᠡᠭᠡᠨ ᠤ ᠰᠠᠯᠠᠭ᠎ᠠ ᠶᠢ ᠪᠠᠶᠢᠭᠤᠯᠤᠨ᠂ ᠦᠢᠯᠡᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠡᠴᠦᠰ ᠲᠡᠭᠡᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠠᠷᠠᠳ ᠣᠯᠠᠨ ᠳᠤ ᠣᠷᠳᠣ ᠬᠤᠭᠤᠴᠠᠭ᠎ᠠ ᠪᠠᠷ ᠠᠰᠢᠭ ᠬᠦᠷᠲᠡᠭᠡᠬᠦ ᠪᠣᠯᠤᠨ᠎ᠠ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ