| ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠠ ᠬᠤᠲᠠ ᠶᠢᠨ ︽ᠭᠤᠷᠪᠠᠨ ᠳᠥᠷᠪᠡ︾ ᠶᠢᠨ ᠬᠠᠷᠠᠯᠲᠠ ᠶᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠬᠦᠴᠦᠯᠡᠨ | ᠳᠡᠭᠡᠭᠰᠢᠯᠡᠭᠦᠯᠵᠦ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ | ᠵᠢᠯᠤᠭᠤᠳᠴᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠪᠠ᠃ | 5 ᠳ᠋ᠣᠭᠠᠷ ᠰᠠᠷ᠎ᠠ ᠶᠢᠨ 30 ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠥᠬᠦ ᠨᠠᠮ ᠤᠨ ᠭᠡᠰᠢᠭᠦᠨ | ᠺᠠᠳ᠋ᠷᠴᠤᠳ ᠢ ᠵᠣᠬᠢᠶᠠᠨ ᠪᠠᠶᠢᠭᠤᠯᠵᠤ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠮᠦᠽᠧᠢ ᠳᠤ ᠰᠤᠷᠤᠯᠴᠠᠨ ᠲᠣᠭᠤᠷᠢᠨ ᠦᠵᠡᠵᠦ᠂ | ᠲᠡᠦᠬᠡ ᠶᠢ ᠭᠦᠨ ᠭᠦᠨᠵᠡᠭᠡᠢ ᠡᠷᠢᠯᠬᠢᠯᠡᠨ᠂ ᠦᠨᠳᠦᠰᠦᠲᠡᠨ ᠤ ᠰᠣᠶᠣᠯ ᠢ ᠣᠶᠢᠯᠠᠭᠠᠵᠤ᠂ ᠨᠠᠮ ᠤᠨ ᠲᠡᠦᠬᠡ ᠶᠢ ᠳᠠᠬᠢᠨ ᠰᠠᠨᠠᠭᠠᠯᠵᠠᠪᠠ᠃ | | | | ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠮᠦᠽᠧᠢ ᠶᠢᠨ ᠰᠣᠶᠣᠯ ᠤᠷᠠᠯᠢᠭ ᠤᠨ ᠦᠵᠡᠭᠦᠯᠭᠡ ᠶᠢᠨ ᠲᠥᠪ ᠤᠨ ᠲᠠᠶᠢᠯᠪᠤᠷᠢᠯᠠᠭᠴᠢ ᠪᠢᠳᠡᠨ ᠳᠤ | ᠲᠠᠯᠠᠪᠠᠢ ᠶᠢᠨ ᠳᠣᠲᠣᠷᠠᠬᠢ ᠭᠡᠷᠡᠯ ᠵᠢᠷᠤᠭ᠂ ᠬᠡᠰᠡᠭ ᠬᠡᠰᠡᠭ ᠦᠰᠦᠭ ᠪᠢᠴᠢᠭ ᠤᠨ ᠠᠷᠤ ᠳᠠᠬᠢ ᠦᠯᠢᠭᠡᠷ ᠢ ᠨᠠᠷᠢᠨ ᠬᠢᠨᠠᠮᠠᠭᠠᠢ ᠲᠠᠶᠢᠯᠪᠤᠷᠢᠯᠠᠨ ᠶᠠᠷᠢᠪᠠ᠃ | ᠠᠯᠪᠠᠨ ᠬᠡᠷ ᠤᠨ ᠨᠠᠮ ᠤᠨ ᠬᠡᠰᠢᠬᠦᠨ ᠺᠠᠳ᠋ᠷᠴᠤᠳ ᠨᠠᠷᠢᠨ ᠬᠢᠨᠠᠮᠠᠭᠠᠢ ᠰᠣᠨᠣᠰᠴᠤ᠂ ᠡᠮᠬᠢ ᠵᠢᠷᠤᠮ ᠲᠠᠢ ᠪᠠᠷ ᠲᠣᠭᠤᠷᠢᠨ ᠦᠵᠡᠵᠦ᠂ ᠤᠯᠠᠨ ᠬᠠᠷᠠᠭᠠᠰᠤ᠂ | ᠪᠣᠰᠤᠭ᠎ᠠ ᠴᠣᠭᠴᠠᠲᠤ ᠬᠡᠯᠪᠡᠷᠢ ᠪᠠᠷ ᠴᠢᠷᠮᠠᠶᠢᠨ ᠲᠡᠮᠡᠴᠡᠭᠰᠡᠳ ᠤᠨ ᠲᠡᠦᠬᠡ ᠶᠢᠨ ᠬᠤᠪᠢᠷᠠᠯᠲᠠ ᠳᠤᠮᠳᠠ ᠡᠷᠡᠯᠬᠡᠭ ᠪᠠᠭᠠᠲᠤᠷᠯᠢᠭ ᠢᠶᠠᠷ ᠬᠤᠪᠢᠰᠬᠠᠯ ᠬᠢᠵᠦ᠂ ᠢᠳᠡᠪᠬᠢᠲᠡᠢ | ᠪᠦᠲᠦᠭᠡᠨ ᠪᠠᠶᠢᠭᠤᠯᠤᠭᠰᠠᠨ ᠬᠦᠴᠦᠨ ᠵᠢᠴᠢ ᠲᠡᠳᠡᠨ ᠤ ᠡᠭᠦᠰᠦᠯ᠂ ᠬᠥᠭᠵᠢᠨ ᠮᠠᠨᠳᠤᠭᠰᠠᠨ ᠠᠴᠠ ᠠᠪᠤᠭᠠᠳ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ | ᠬᠦᠷᠲᠡᠯᠡᠬᠢ ᠡᠯ᠎ᠡ ᠴᠠᠭ ᠦᠶ᠎ᠡ ᠶᠢᠨ ᠲᠡᠦᠬᠡ ᠶᠢᠨ ᠬᠤᠪᠢᠷᠠᠯᠲᠠ ᠶᠢ ᠣᠶᠢᠯᠠᠭᠠᠬᠤ ᠶᠢᠨ ᠬᠠᠮᠲᠤ᠂ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠮᠵᠢᠯᠲᠠ ᠪᠦᠲᠦᠮᠵᠢ | ᠵᠢᠴᠢ ᠠᠷᠠᠳ ᠤᠨ ᠵᠠᠩ ᠦᠢᠯᠡ ᠶᠢ ᠣᠶᠢᠯᠠᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠨᠠᠩ ᠭᠦᠨᠵᠡᠭᠡᠢ ᠲᠠᠨᠢᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠡᠷᠡᠰ | ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠥ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠠᠨᠠᠭᠠᠴᠢᠯᠠᠭᠴᠢ᠂ | ᠦᠢᠯᠡᠳᠦᠯᠭᠡᠵᠢᠭᠦᠯᠦᠭᠴᠢ᠂ ᠤᠯᠠᠮᠵᠢᠯᠠᠭᠴᠢ ᠪᠣᠯᠬᠤ ᠪᠠᠷ ᠴᠢᠷᠮᠠᠶᠢᠵᠤ᠂ ᠡᠵᠡᠨ ᠬᠤᠷᠤᠭ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ | ᠭᠡᠪᠡ᠃ | | | | | | | |