ᠪᠥᠬᠦ ᠬᠤᠲᠠ ᠶᠢᠨ ᠠᠩᠬᠠᠳᠠᠭᠴᠢ ᠨᠠᠰᠣᠨ ᠳᠤ ᠦᠯᠦ ᠬᠦᠷᠦᠭᠰᠡᠳ ᠤᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠥᠪ ᠡᠵᠡᠨ ᠬᠤᠷᠤᠭ᠎ᠠ ᠬᠤᠰᠢᠭᠤᠨ ᠳᠤ ᠬᠡᠷᠡᠭᠯᠡᠯᠲᠡ ᠳᠤ ᠤᠷᠤᠪᠠ
ᠨᠡᠶᠢᠲᠡᠯᠡᠭᠰᠡᠨ ᠴᠠᠭ᠄
2023/5/31
     5 ᠳ᠋ᠤᠭᠠᠷ ᠰᠠᠷ᠎ᠠ ᠶᠢᠨ 31᠎ ᠤ ᠡᠳᠦᠷ᠂ ᠪᠥᠬᠦ ᠬᠤᠲᠠ ᠶᠢᠨ ᠠᠩᠬᠠᠳᠠᠭᠴᠢ ᠨᠠᠰᠣᠨ ᠳᠤ ᠦᠯᠦ ᠬᠦᠷᠦᠭᠰᠡᠳ ᠤᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠥᠪ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠫᠠᠶᠢᠰᠠ ᠰᠡᠭᠦᠨ ᠪᠠᠶᠢᠭᠤᠯᠣᠭᠳᠠᠭᠰᠠᠨ ᠢᠶᠠᠷ ᠮᠠᠨ ᠤ ᠬᠤᠲᠠ ᠨᠠᠰᠣᠨ ᠳᠤ ᠦᠯᠦ ᠬᠦᠷᠦᠭᠰᠡᠳ ᠤᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠥᠪ ᠲᠠᠢ ᠪᠣᠯᠣᠭᠰᠠᠨ ᠢ ᠬᠠᠷᠠᠭᠤᠯᠣᠯ᠎ᠠ᠃ ᠡᠨᠡᠬᠦ ᠲᠥᠪ ᠨᠢ ᠬᠠᠤᠯᠢ ᠴᠠᠭᠠᠵᠠ ᠶᠢᠨ ᠬᠦᠮᠦᠵᠢᠯ ᠬᠢᠬᠦ ᠪᠠ ᠪᠠᠶᠢᠴᠠᠭᠠᠬᠤ ᠠᠵᠢᠯ ᠤᠨ ᠲᠣᠭᠤᠷᠢᠭ ᠬᠡᠮᠡᠬᠦ ᠬᠤᠶᠠᠷ ᠲᠣᠭᠤᠷᠢᠭ ᠬᠤᠪᠢᠶᠠᠵᠤ᠂ ᠨᠠᠰᠣᠨ ᠳᠤ ᠦᠯᠦ ᠬᠦᠷᠦᠭᠰᠡᠳ ᠲᠤ ᠵᠣᠷᠢᠭᠤᠯᠣᠭᠰᠠᠨ ᠬᠠᠤᠯᠢ ᠴᠠᠭᠠᠵᠠ ᠶᠢᠨ ᠬᠦᠮᠦᠵᠢᠯ ᠢ ᠲᠡᠳᠡᠨ ᠤ ᠲᠣᠷ᠎ᠡ ᠰᠣᠨᠢᠷᠬᠠᠯ ᠳᠤ ᠲᠣᠬᠢᠷᠠᠭᠰᠠᠨ ᠬᠡᠯᠪᠡᠷᠢ ᠪᠠᠷ ᠬᠦᠮᠦᠵᠢᠭᠦᠯᠦᠨ ᠳᠠᠮᠵᠢᠭᠤᠯᠬᠤ ᠪᠠᠷ ᠭᠤᠣᠯᠯᠠᠵᠤ᠂ ᠪᠠᠶᠢᠴᠠᠭᠠᠬᠤ ᠠᠵᠢᠯ ᠤᠨ ᠲᠣᠭᠤᠷᠢᠭ ᠨᠢ ᠨᠠᠰᠣᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠲᠣᠬᠠᠢ ᠲᠥᠪᠯᠡᠷᠡᠭᠦᠯᠦᠨ ᠬᠦᠢᠴᠡᠳᠭᠡᠬᠦ ᠰᠢᠨ᠎ᠡ ᠬᠡᠯᠪᠡᠷᠢ ᠶᠢ ᠰᠥᠪᠡᠭᠴᠢᠯᠡᠬᠦ ᠦᠢᠯᠡᠳᠦᠯ ᠴᠢᠳᠠᠮᠵᠢ ᠲᠠᠢ ᠪᠠᠶᠢᠵᠤ᠂ ᠡᠨᠡᠬᠦ ᠲᠥᠪ ᠬᠡᠷᠡᠭᠯᠡᠯᠲᠡ ᠳᠤ ᠣᠷᠣᠭᠰᠠᠨ ᠢᠶᠠᠷ ᠨᠠᠰᠣᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠢᠴᠢ ᠬᠠᠤᠯᠢ ᠴᠠᠭᠠᠵᠠ ᠶᠢᠨ ᠮᠡᠳᠡᠯᠭᠡ ᠶᠢ ᠰᠣᠷᠴᠤ ᠡᠵᠡᠮᠰᠢᠨ᠂ ᠬᠠᠤᠯᠢ ᠪᠠᠷ ᠪᠡᠶ᠎ᠡ ᠪᠠᠨ ᠬᠠᠮᠠᠭᠠᠯᠠᠬᠤ ᠳᠤ ᠨᠡᠩ ᠰᠠᠶᠢᠨ ᠪᠠᠲᠣᠯᠠᠭ᠎ᠠ ᠶᠢ ᠬᠠᠩᠭᠠᠬᠤ ᠪᠣᠯᠣᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ