︽5·1︾᠎ ᠤ ᠠᠮᠠᠷᠠᠯᠲᠠ ᠳᠤ 30 ᠲᠦᠮᠡᠨ ᠬᠦᠮᠦᠨ ᠤᠳᠠᠭ᠎ᠠ ᠶᠢᠨ ᠵᠤᠭᠠᠴᠠᠬᠴᠢ ᠶᠢ ᠬᠦᠯᠢᠶᠡᠨ ᠠᠪᠴᠤ᠂ ᠵᠤᠭᠠᠴᠠᠯ ᠤᠨ ᠤᠷᠤᠯᠭ᠎ᠠ 1 . 47 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2023/5/5
       ᠰᠠᠶ᠋ᠢᠬᠠᠨ ᠥᠩᠭᠡᠷᠡᠭᠰᠡᠨ ︽5·1︾᠎ ᠤ ᠠᠮᠠᠷᠠᠯᠲᠠ ᠳᠤ᠂ ᠮᠠᠨ ᠤ ᠬᠤᠰᠢᠭᠤᠨ ᠤ ᠡᠯ᠎ᠡ ᠦᠵᠡᠮᠵᠢ ᠶᠢᠨ ᠣᠷᠣᠨ ᠨᠢ ᠮᠠᠰᠢ ᠤᠯᠠᠨ ᠬᠤᠳᠠ ᠶᠢᠨ ᠠᠷᠠᠳ᠂ ᠵᠤᠭᠠᠴᠠᠬᠰᠠᠳ ᠤᠨ ᠤᠴᠢᠬᠤ ᠭᠠᠵᠠᠷ ᠪᠤᠯᠵᠤ᠂ 4 ᠳ᠋ᠤᠭᠡᠷ ᠰᠠᠷ᠎ᠠ ᠶᠢᠨ 29᠎ ᠤ ᠡᠳᠦᠷ ᠠᠴᠠ 5 ᠳ᠋ᠤᠭᠠᠷ ᠰᠠᠷ᠎ᠠ ᠶᠢᠨ 3᠎ ᠤ ᠡᠳᠦᠷ ᠪᠣᠯᠲᠠᠯ᠎ᠠ᠂ ᠪᠦᠬᠦ ᠬᠤᠰᠢᠭᠤ ᠪᠠᠷ ᠢᠶᠠᠨ ᠨᠡᠶᠢᠳᠡ 30 ᠲᠦᠮᠡᠨ ᠵᠤᠭᠠᠴᠠᠬᠰᠠᠳ ᠢ ᠬᠦᠯᠢᠶᠠᠨ ᠠᠪᠴᠤ᠂ ᠵᠤᠭᠠᠴᠠᠯ ᠤᠨ ᠤᠷᠤᠯᠭ᠎ᠠ 1 . 47 ᠳ᠋ᠦᠩᠰᠢᠭᠤᠷ ᠲᠥᠭᠦᠷᠢᠭ ᠲᠤ ᠬᠦᠷᠪᠡ᠃     ᠥᠷᠭᠡᠨ ᠣᠯᠠᠨ ᠬᠤᠲᠠ ᠶᠢᠨ ᠠᠷᠠᠳ ᠤᠨ ᠵᠤᠭᠠᠴᠠᠬᠤ ᠬᠠᠯᠠᠭᠤᠨ ᠰᠡᠳᠬᠢᠯᠭᠡ ᠳᠤ ᠬᠠᠨᠳᠤᠭᠤᠯᠤᠨ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠷᠢᠳᠴᠢᠯᠠᠨ ᠲᠥᠰᠦᠪᠯᠡᠵᠦ᠂ ᠨᠠᠷᠢᠨ ᠨᠢᠮᠪᠠᠶ ᠪᠡᠯᠡᠳᠬᠡᠨ᠂ ︽ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ︾᠂ ︽ᠬᠥᠳᠡᠭᠡ ᠲᠣᠰᠬᠤᠨ ᠤ ᠪᠡᠶᠡᠴᠢᠯᠡᠨ ᠣᠶᠢᠯᠠᠭᠠᠬᠤ  ᠵᠢᠭᠤᠯᠴᠢᠯᠠᠯ︾᠂ ︽ᠠᠮᠢ ᠠᠬᠤᠶ ᠶᠢᠨ ᠲᠠᠭᠠᠯᠠᠮᠵᠢᠲᠠᠶ ᠵᠢᠭᠤᠯᠴᠢᠯᠠᠯ ︾᠂ ︽ᠠᠮᠤᠷ ᠵᠢᠮᠦᠷ ᠢ ᠳᠠᠭᠠᠳᠬᠠᠬᠤ ᠵᠢᠭᠤᠯᠴᠢᠯᠠᠯ ︾ ᠵᠡᠷᠭᠡ 4 ᠵᠤᠷᠪᠤᠰ ᠵᠢᠭᠤᠯᠴᠢᠯᠠᠯ ᠤᠨ ᠱᠤᠭᠤᠮ ᠤᠨ ᠲᠣᠭᠤᠷᠢᠨ ᠳᠤ᠂ ᠡᠯ᠎ᠡ ᠲᠣᠮᠣ ᠦᠵᠡᠮᠵᠢ ᠶᠢᠨ ᠣᠷᠣᠨ ᠨᠢ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠲᠥᠷᠥᠯ ᠵᠤᠶᠢᠯ ᠢ ᠲᠤᠬᠢᠷᠠᠭᠤᠯᠵᠦ᠂ ᠡᠯ᠎ᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠨᠢ ᠴᠦ ᠡᠯᠪᠡᠭ ᠪᠠᠶᠠᠯᠢᠭ ᠤᠳᠬ᠎ᠠ ᠤᠷᠠᠯᠢᠭ ᠤᠨ ᠠᠵᠢᠯᠯᠠᠭ᠎ᠠ ᠶᠢ ᠡᠷᠬᠢᠯᠡᠨ᠂ ᠲᠦᠷᠪᠡᠨ ᠵᠦᠭ ᠨᠠᠢᠮᠠᠨ ᠵᠤᠪᠬᠢᠰ ᠠᠴᠠ ᠬᠦᠷᠦᠯᠴᠡᠨ ᠢᠷᠡᠭᠰᠡᠨ ᠵᠣᠴᠢᠳ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠵᠤᠴᠢᠯᠠᠪᠠ᠃     ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ 42315 ᠵᠤᠭᠠᠴᠠᠬᠰᠠᠳ ᠢ ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ ᠨᠢ 2115 . 75 ᠲᠦᠮᠡᠨ ᠲᠥᠭᠦᠷᠢᠭ ᠲᠤ ᠬᠦᠷᠪᠠ︔      ᠰᠤᠪᠤᠷᠭ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠳᠤ 7528 ᠵᠤᠭᠠᠴᠠᠬᠰᠠᠳ ᠢ ᠬᠦᠯᠢᠶᠡᠨ ᠠᠪᠴᠤ᠂ ᠵᠤᠭᠠᠴᠠᠯ ᠎ ᠤᠨ ᠣᠷᠣᠯᠭ᠎ᠠ ᠨᠢ 376 . 4 ᠲᠦᠮᠡᠨ ᠲᠥᠭᠦᠷᠢᠭ ᠲᠤ ᠬᠦᠷᠪᠠ︔      ᠣᠷᠳᠣᠰ ᠤᠨ ᠰᠣᠶᠣᠯ ᠤᠨ ᠠᠵᠤ ᠤᠶᠢᠯᠡᠰ ᠤᠨ ᠬᠦᠷᠢᠶᠡᠯᠡᠩ 155874 ᠵᠤᠭᠠᠴᠠᠬᠰᠠᠳ ᠢ ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ ᠨᠢ 7793 . 7 ᠲᠦᠮᠡᠨ ᠲᠥᠭᠦᠷᠢᠭ ᠲᠤ ᠬᠦᠷᠪᠡ︔      ᠢ ᠵᠢᠩ ᠶᠤᠸᠠᠨ ᠬᠤᠲᠠ ᠶᠢᠨ ᠡᠯᠡᠰᠤᠨ ᠤᠷᠤᠢ ᠶᠢᠨ ᠦᠵᠡᠮᠵᠢ ᠶᠢᠨ ᠣᠷᠣᠨ  6577 ᠵᠤᠭᠠᠴᠠᠬᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 328 . 85 ᠲᠦᠮᠡᠨ ᠲᠥᠭᠦᠷᠢᠭ ᠲᠤ ᠬᠦᠷᠪᠠ︔      ᠢ ᠾᠧ ᠠᠮᠢ ᠠᠬᠤᠶ ᠶᠢᠨ ᠰᠣᠶᠣᠯ ᠤᠨ ᠦᠵᠡᠰᠬᠦᠯᠡᠩ ᠤᠨ ᠬᠦᠷᠢᠶᠡᠯᠡᠩ ᠨᠢ 6635 ᠵᠤᠭᠠᠴᠠᠬᠰᠠᠳ ᠢ ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ 331 . 75 ᠲᠦᠮᠡᠨ ᠲᠥᠭᠦᠷᠢᠭ ᠲᠤ ᠬᠦᠷᠪᠠ︔      ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠢᠶᠠᠷ ᠨᠡᠶᠢᠲᠡ 7 . 5 ᠲᠦᠮᠡᠨ ᠬᠥᠮᠦᠨ ᠤᠳᠠᠭ᠎ᠠ ᠵᠤᠭᠠᠴᠠᠬᠰᠠᠳ ᠢ ᠬᠦᠯᠢᠶᠡᠨ ᠠᠪᠴᠤ᠂ 3750 ᠲᠦᠮᠡᠨ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ  ᠪᠡᠶᠡᠯᠡᠬᠦᠯᠪᠡ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ