︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠥᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/5/6
       2023 ᠣᠨ ᠤ 4 ᠰᠠᠷ᠎ᠠ ᠶᠢᠨ 16᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠪᠠ᠂ ᠡᠳᠦᠭᠡ ᠲᠣᠰ ᠲᠥᠰᠥᠯ ᠤᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄       ᠨᠢᠭᠡ᠂ ᠲᠣᠭᠲᠠᠭᠠᠭᠰᠠᠨ ᠠᠬᠤᠢ ᠪᠠᠶᠢᠳᠠᠯ       ᠣᠶᠢᠷ᠎ᠠ ᠶᠢᠨ ᠵᠢᠯ ᠤᠳ ᠲᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠪᠠ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠩᠭ᠎ᠠ ᠱᠠᠭᠠᠷᠳᠠᠯᠭ᠎ᠠ ᠶᠢᠨ ᠳᠠᠪᠬᠤᠷ ᠨᠥᠯᠥᠭᠡᠯᠡᠯ ᠳᠣᠣᠷ᠎ᠠ᠂ ᠮᠠᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠵᠢᠷᠤᠮᠵᠢᠭᠤᠯᠬᠤ᠂ ᠲᠤᠰᠬᠠᠶᠢᠵᠢᠭᠤᠯᠬᠤ᠂ ᠠᠮᠢ ᠠᠬᠤᠶᠢᠵᠢᠭᠤᠯᠬᠤ ᠳᠠᠰᠢ ᠬᠤᠪᠢᠷᠠᠭᠤᠯᠵᠤ ᠪᠠᠶᠢᠨ᠎ᠠ᠃ ᠳᠡᠭᠡᠷ᠎ᠡ ᠳᠤᠷᠠᠳᠤᠭᠰᠠᠨ ᠬᠤᠪᠢᠷᠠᠭᠤᠯᠤᠯᠲᠠ ᠶᠢ ᠲᠤᠬᠢᠷᠠᠯᠴᠠᠬᠤ ᠶᠠᠪᠤᠴᠠ ᠳᠤ᠂ ᠦᠨᠳᠦᠰᠦᠨ ᠱᠠᠲᠤᠨ ᠤ ᠮᠠᠯ ᠡᠮᠨᠡᠯᠭᠡ ᠶᠢᠨ ᠪᠠᠶᠢᠭᠤᠯᠤᠮᠵᠢ ᠨᠢ ᠠᠵᠢᠯᠲᠠᠨ ᠤ ᠬᠦᠴᠦᠨ᠂ ᠮᠡᠷᠭᠡᠵᠢᠯ ᠤᠨ ᠴᠢᠳᠠᠪᠤᠷᠢ᠂ ᠦᠢᠯᠡᠴᠢᠯᠡᠭᠡᠨ ᠤ ᠠᠷᠭ᠎ᠠ ᠪᠠᠷᠢᠯ ᠵᠡᠷᠭᠡ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ᠂ ᠨᠢᠭᠡ ᠪᠦᠯᠦᠭ ᠥᠨᠳᠥᠷ ᠪᠦᠲᠦᠮᠵᠢᠲᠡᠢ᠂ ᠨᠠᠷᠢᠯᠢᠭ᠂ ᠲᠤᠰᠬᠠᠢ ᠮᠡᠷᠭᠡᠵᠢᠯ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠪᠠᠷ ᠳᠡᠭᠡᠷ᠎ᠡ ᠳᠤᠷᠠᠳᠤᠭᠰᠠᠨ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠲᠦᠯᠬᠢᠨ ᠠᠬᠢᠭᠤᠯᠬᠤ ᠪᠣᠯ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠳᠤ ᠵᠣᠬᠢᠴᠠᠭᠤᠯᠬᠤ ᠶᠢᠨ ᠲᠤᠯᠭᠠᠮ᠎ᠠ ᠬᠡᠷᠡᠭᠴᠡᠭᠡ ᠪᠣᠯᠬᠤ ᠪᠥᠭᠡᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠪᠦᠲᠦᠮᠵᠢᠲᠡᠶ ᠠᠷᠭ᠎ᠠ ᠪᠠᠷᠢᠯ ᠪᠣᠯᠬᠤ ᠪᠥᠭᠡᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯᠣᠨ᠎ᠠ᠃       ᠬᠤᠶᠠᠷ᠂ ᠭᠤᠣᠯ ᠦᠨᠳᠦᠰᠦᠯᠡᠯ       ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2013﹈ 96 ᠳ᠋ᠤᠭᠠᠷ ᠲᠣᠭᠠᠲᠤ︶ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠢᠯᠤᠭᠤᠳᠬᠤ ᠰᠠᠨᠠᠯ︾ ︵ᠲᠠᠷᠢᠶᠠᠯᠠᠩ ᠡᠮᠨᠡᠯᠭᠡ ᠲᠠᠷᠬᠠᠭᠠᠭᠰᠠᠨ ﹇2017﹈ 35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︿ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ﹀᠎ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠡᠮᠴᠢᠯᠡᠭᠡ ᠲᠠᠷᠬᠠᠭᠠᠭᠰᠠᠨ ﹇2021﹈ 441 ᠳ᠋ᠤᠭᠡᠷ ᠲᠣᠭᠠᠲᠤ︶᠂ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠵᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2023﹈ 66 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃     ᠭᠤᠷᠪᠠ᠂ ᠠᠵᠢᠯ ᠤᠨ ᠬᠠᠷᠠᠯᠲᠠ     ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠮᠠᠯ ᠡᠮᠨᠡᠯᠭᠡ ᠶᠢᠨ ᠦᠢᠯᠡᠴᠢᠯᠡᠭᠡ ᠪᠠ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠡᠵᠡᠩᠨᠡᠯᠲᠡ ᠶᠢᠨ ᠴᠢᠨᠠᠷᠲᠠᠢ ᠮᠠᠯ ᠡᠮᠨᠡᠯᠭᠡ ᠶᠢᠨ ᠦᠢᠯᠡᠴᠢᠯᠡᠭᠡ  ᠶᠢ ᠬᠠᠷᠢᠯᠴᠠᠨ ᠤᠶᠠᠯᠳᠤᠭᠤᠯᠤᠭᠰᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ  ᠪᠠᠶᠢᠳᠠᠯ ᠢ ᠪᠤᠶ ᠪᠣᠯᠭᠠᠵᠤ᠂ ᠠᠵᠢᠯ ᠡᠷᠬᠢᠯᠡᠭᠰᠡᠨ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ ᠡᠮᠴᠢ ᠪᠠᠷ ᠭᠤᠣᠯ ᠴᠣᠭᠴᠠ ᠪᠤᠯᠭᠠᠵᠤ᠂ ᠪᠤᠰᠤᠳ ᠮᠠᠯ ᠤᠨ ᠡᠮᠴᠢ ᠶᠢᠨ ᠠᠵᠢᠯ ᠡᠷᠬᠢᠯᠡᠭᠰᠡᠳ ᠪᠠ ᠨᠡᠶᠢᠭᠡᠮ ᠤᠨ ᠬᠦᠴᠦᠨ ᠢᠶᠠᠷ ᠨᠥᠬᠦᠪᠦᠷᠢ ᠪᠣᠯᠭᠠᠭᠰᠠᠨ ᠮᠠᠯ ᠤᠨ ᠡᠮᠴᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠪᠦᠬᠦ ᠨᠡᠶᠢᠭᠡᠮ ᠤᠨ ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ ᠮᠠᠯ ᠤᠨ ᠡᠮᠴᠢ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃     ᠳᠥᠷᠪᠡ᠂ ᠬᠤᠳᠠᠯᠳᠤᠨ ᠠᠪᠬᠤ ᠠᠭᠤᠯᠭ᠎ᠠ     ᠬᠢᠵᠢᠭ ᠢ ᠰᠡᠷᠭᠡᠶᠢᠯᠡᠬᠦ ᠲᠥᠷᠥᠯ ᠤᠨ ᠦᠢᠯᠡᠴᠢᠯᠡᠭᠡ᠂ ᠬᠠᠮᠵᠢᠨ ᠬᠠᠮᠢᠶᠠᠷᠬᠤ ᠲᠥᠷᠥᠯ ᠤᠨ ᠦᠢᠯᠡᠴᠢᠯᠡᠭᠡ᠂ ᠮᠡᠳᠡᠭᠦᠯᠦᠯᠲᠡ ᠶᠢᠨ ᠲᠥᠷᠥᠯ ᠤᠨ ᠦᠢᠯᠡᠴᠢᠯᠡᠭᠡ ᠪᠠ ᠲᠥᠯᠥᠪᠦᠷᠢ ᠶᠢᠨ ᠲᠥᠷᠥᠯ ᠤᠨ ᠦᠢᠯᠡᠴᠢᠯᠡᠭᠡ ᠵᠡᠷᠭᠡ ᠳᠥᠷᠪᠡᠨ ᠲᠥᠷᠥᠯ ᠢ ᠪᠠᠭᠲᠠᠭᠠᠨ᠎ᠠ᠃     ︵ᠨᠢᠭᠡ︶ ᠬᠢᠵᠢᠭ ᠰᠡᠷᠭᠡᠶᠢᠯᠡᠬᠦ ᠲᠥᠷᠥᠯ ᠤᠨ ᠦᠢᠯᠡᠴᠢᠯᠡᠭᠡ᠄ ᠡᠭᠡᠯᠢᠯᠡᠭᠡ ᠶᠢᠨ ᠲᠠᠷᠢᠯᠭ᠎ᠠ᠂ ᠡᠭᠡᠯᠢᠯᠡᠭᠡ ᠶᠢᠨ ᠲᠠᠩᠰᠠ ᠡᠪᠬᠡᠮᠡᠯ ᠢ ᠲᠠᠭᠯᠠᠨ ᠪᠢᠴᠢᠬᠦ ᠪᠠ ᠬᠠᠮᠢᠶᠠᠷᠬᠤ᠂ ᠡᠭᠡᠯᠢᠯᠡᠭᠡ ᠶᠢᠨ ᠲᠡᠮᠳᠡᠭ ᠵᠡᠭᠦᠬᠦ᠂ ᠠᠷᠢᠭᠤᠳᠬᠠᠵᠤ ᠡᠬᠢ ᠶᠢ ᠨᠢ ᠤᠰᠠᠳᠬᠠᠬᠤ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠡᠭᠡᠯᠢᠯᠡᠭᠡ ᠶᠢᠨ ᠲᠠᠭᠠᠯᠳᠠ ᠤᠷᠪᠠᠯ ᠢᠶᠠᠷ ᠠᠪᠤᠷᠠᠨ ᠵᠠᠰᠠᠬᠤ᠂ ᠬᠢᠵᠢᠭ ᠰᠡᠷᠭᠡᠶᠢᠯᠡᠬᠦ ᠡᠳ᠋ ᠪᠠᠷᠠᠭ᠎ᠠ ᠶᠢᠨ ᠬᠠᠮᠢᠶᠠᠷᠤᠯᠲᠠ ᠵᠡᠷᠭᠡ ᠲᠤᠯᠤᠭᠠᠨ ᠵᠦᠢᠯ ᠤᠨ ᠠᠭᠤᠯᠭ᠎ᠠ᠃     ︵ᠬᠤᠶᠠᠷ︶ ᠬᠠᠮᠵᠢᠯᠴᠠᠨ ᠬᠠᠮᠢᠶᠠᠷᠬᠤ ᠲᠥᠷᠥᠯ ᠤᠨ ᠦᠢᠯᠡᠴᠢᠯᠡᠭᠡ᠄ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠬᠢᠵᠢᠭ ᠡᠪᠡᠳᠴᠢᠨ ᠢ ᠬᠢᠨᠠᠬᠤ᠂ ᠬᠠᠯᠳᠠᠪᠤᠷᠢᠲᠤ ᠡᠪᠡᠳᠴᠢᠨ ᠢ ᠪᠠᠶᠢᠴᠠᠭᠠᠬᠤ ᠪᠠ ᠥᠯᠢᠭᠡᠷ ᠠᠪᠬᠤ᠂ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ᠂ ᠮᠠᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠡᠪᠡᠳᠴᠢᠨ ᠢᠶᠠᠷ ᠦᠬᠦᠭᠰᠡᠨ ᠠᠮᠢᠲᠠᠨ ᠢ ᠴᠤᠭᠯᠠᠭᠤᠯᠬᠤ ᠪᠠ ᠬᠤᠣᠷ ᠦᠭᠡᠢ ᠪᠠᠷ ᠰᠢᠢᠳᠪᠦᠷᠢᠯᠡᠬᠦ᠂ ᠭᠡᠨᠡᠳᠲᠡ ᠡᠭᠦᠰᠦᠭᠰᠡᠨ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠵᠡᠷᠭᠡ ᠲᠤᠯᠤᠭᠠᠨ ᠵᠦᠢᠯ ᠤᠨ ᠠᠭᠤᠯᠭ᠎ᠠ᠃     ︵ᠭᠤᠷᠪᠠ︶ ᠮᠡᠳᠡᠭᠦᠯᠬᠦ ᠲᠥᠷᠥᠯ ᠤᠨ ᠦᠢᠯᠡᠴᠢᠯᠡᠭᠡ᠄ ᠬᠢᠵᠢᠭ ᠤᠨ ᠪᠠᠶᠢᠳᠠᠯ ᠢ ᠮᠡᠳᠡᠭᠦᠯᠬᠦ᠂ ᠤᠬᠠᠭᠤᠯᠬᠤ ᠪᠠ ᠲᠤᠰᠬᠠᠢ ᠮᠡᠷᠭᠡᠵᠢᠯ ᠤᠨ ᠪᠣᠯᠪᠠᠰᠤᠷᠠᠯ ᠬᠢᠬᠦ᠂ ᠲᠤᠭ᠎ᠠ ᠪᠠᠷᠢᠮᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠵᠡᠷᠭᠡ ᠬᠤᠶᠠᠷ ᠵᠦᠢᠯ ᠤᠨ ᠠᠭᠤᠯᠭ᠎ᠠ᠃     ︵ᠳᠥᠷᠪᠡ︶ ᠲᠥᠯᠥᠪᠦᠷᠢ ᠶᠢᠨ ᠲᠦᠷᠦᠯ ᠤᠨ ᠦᠢᠯᠡᠴᠢᠯᠡᠭᠡ᠄ ᠠᠮᠢᠲᠠᠨ ᠢ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠪᠠ ᠡᠵᠡᠩᠨᠡᠯᠲᠡ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ