ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠡᠵᠡᠨ ᠬᠤᠷᠤᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/5/7
     5 ᠳ᠋ᠤᠭᠠᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠨᠡᠷ ᠡᠵᠡᠨ ᠬᠤᠷᠤᠭ᠎ᠠ ᠬᠤᠰᠢᠭᠤᠨ ᠳᠤ ᠢᠷᠡᠵᠦ ︽ᠡᠨᠧᠷᠭᠢ ᠨᠥᠭᠡᠴᠡᠯᠡᠬᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ︾ ᠵᠥᠪᠯᠡᠬᠦ ᠰᠡᠳᠦᠪ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠥᠩ ᡁᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠢᠶᠠᠨ ᠹᠧᠨ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠵᠥᠩ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠢᠶᠠᠨ ᠵᠢᠶᠤᠤ ᠪᠣᠬᠢᠷᠳᠣᠯ ᠦᠭᠡᠢ ᠡᠨᠧᠷᠭᠢ ᠶᠢᠨ 50 ᠲᠦᠮᠡᠨ ᠺᠢᠯᠤᠸᠠᠲ ᠤᠨ ᠨᠡᠭᠦᠷᠡᠰᠦ ᠮᠠᠯᠲᠠᠭᠰᠠᠨ ᠠᠴᠠ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢᠨ ᠵᠠᠰᠠᠯᠲᠠ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠢᠱᠢᠶ᠎ᠡ ᠦᠵᠡᠭᠦᠯᠬᠦ ᠲᠥᠷᠥᠯ  ᠵᠣᠶᠢᠯ᠂ ᠶᠤᠸᠠᠨ ᠵᠢᠩ ᠣᠷᠳᠣᠰ ᠤᠨ ᠣᠲᠣ ᠦᠶ᠎ᠡ ᠶᠢᠨ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠣᠶᠢᠯ ᠵᠡᠷᠭᠡ ᠭᠠᠵᠠᠷ ᠲᠤ ᠭᠦᠨᠵᠡᠭᠡᠶᠢᠷᠡᠵᠦ᠂ ᠲᠥᠷᠥᠯ  ᠵᠣᠶᠢᠯ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠭᠰᠠᠨ ᠪᠥᠭᠡᠳ ᠡᠵᠡᠨ ᠬᠤᠷᠤᠭ᠎ᠠ ᠬᠤᠰᠢᠭᠤ ᠣᠶᠢᠷ᠎ᠠ ᠶᠢᠨ ᠬᠡᠳᠦᠨ ᠵᠢᠯ ᠳᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠠᠪᠤᠴᠠ ᠳᠤ ᠥᠪᠡᠷᠮᠢᠴᠡ ᠣᠨᠴᠠᠯᠢᠭ ᠲᠠᠢ ᠰᠢᠨ᠎ᠡ ᠵᠠᠮ ᠢ ᠨᠡᠭᠡᠭᠡᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ ᠭᠡᠵᠦ ᠢᠯᠡᠳᠬᠡᠪᠡ᠃ ᠮᠦᠨ ᠴᠤ ᠡᠵᠡᠨ ᠬᠤᠷᠤᠭ᠎ᠠ ᠬᠤᠰᠢᠭᠤ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠣᠳᠣᠬᠢᠴᠢᠯᠠᠭᠰᠠᠨ ᠡᠵᠡᠨ ᠬᠤᠷᠤᠭ᠎ᠠ ᠶᠢᠨ ᠪᠥᠲᠥᠭᠡᠨ ᠪᠠᠶᠢᠭᠤᠯᠤᠯᠲᠠ ᠶᠢᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ  ᠭᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ