ᠡᠵᠡᠨ ᠬᠤᠷᠤᠭ᠎ᠠ ᠬᠤᠰᠢᠭᠤ᠄ ᠬᠥᠳᠡᠭᠡ ᠲᠣᠰᠬᠤᠨ ᠤ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ ᠨᠢ ᠰᠡᠳᠬᠢᠯ ᠢ ᠳᠤᠯᠠᠭᠠᠴᠠᠭᠤᠯᠬᠤ ᠰᠢᠨ᠎ᠡ ᠵᠠᠭᠪᠤᠷ ᠢ ᠪᠦᠷᠢᠯᠳᠤᠬᠦᠯᠪᠠ
ᠨᠡᠶᠢᠲᠡᠯᠡᠭᠰᠡᠨ ᠴᠠᠭ᠄
2023/6/1
     ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡ ᠶᠢ ᠬᠤᠳᠠ ᠲᠠᠢ ᠬᠠᠷᠢᠴᠠᠭᠤᠯᠪᠠᠯ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠬᠠᠭᠤᠴᠢᠨ᠂ ᠪᠦᠷᠬᠦᠴᠡ ᠶᠢᠨ ᠨᠤᠷᠮ᠎ᠠ ᠳᠣᠣᠷ᠎ᠠ ᠪᠠᠶᠢᠬᠤ ᠳᠤᠲᠠᠭᠤᠳᠠᠯ ᠣᠷᠣᠰᠢᠵᠤ ᠪᠠᠶᠢᠨ᠎ᠠ᠃ ᠡᠵᠡᠨ ᠬᠤᠷᠤᠭ᠎ᠠ ᠬᠤᠰᠢᠭᠤ ᠨᠠᠰᠤᠲᠠᠶᠢᠴᠤᠳ ᠤᠨ ᠣᠷᠣᠨ ᠰᠠᠭᠤᠴᠠ ᠶᠢᠨ ᠲᠠᠷᠬᠠᠯᠲᠠ᠂  ᠤᠶᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ ᠬᠥᠳᠡᠭᠡ ᠲᠣᠰᠬᠤᠨ ᠤ ᠬᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠨ᠂ ᠬᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ ᠤᠶᠢᠯᠡᠴᠢᠯᠡᠭᠡᠨ ᠤ ᠰᠢᠰᠲ᠋ᠧᠮ ᠢ ᠨᠡᠶᠢᠳᠡᠮ ᠪᠠᠶᠢᠭᠤᠯᠵᠤ᠂ ᠪᠣᠶ ᠪᠥᠬᠦᠶ ᠨᠠᠰᠤᠲᠠᠶᠢᠴᠤᠳ ᠲᠤ ᠨᠠᠩ ᠬᠦᠢᠴᠡᠳ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠬᠠᠶᠢᠷ᠎ᠠ ᠬᠠᠯᠠᠮᠵᠢ ᠲᠠᠢ ᠲᠤᠰᠬᠠᠶᠢᠵᠢᠭᠰᠠᠨ ᠤᠶᠢᠯᠡᠴᠢᠯᠡᠭᠡ ᠬᠦᠷᠲᠡᠭᠡᠵᠦ᠂ ︽ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠰᠤᠯ ᠲᠠᠢ᠂ ᠥᠲᠡᠯᠪᠡᠯ ᠰᠤᠷᠭᠠᠭᠤᠯᠢ ᠲᠠᠢ ᠂ ᠥᠲᠡᠯᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠢᠬᠦ ᠠᠵᠢᠯ ᠲᠠᠢ᠂ ᠥᠲᠡᠯᠪᠡᠯ ᠠᠰᠠᠷᠠᠮᠵᠢ ᠲᠠᠢ︾ ᠪᠠᠶᠢᠬᠤ ᠶᠢ ᠪᠡᠶᠡᠯᠡᠬᠦᠯᠬᠦ ᠶᠢ ᠬᠢᠴᠢᠶᠡᠵᠦ ᠪᠠᠶᠢᠨ᠎ᠠ᠃     ᠤᠳᠤᠬᠠᠨ ᠳᠤ᠂ ᠰᠤᠪᠤᠷᠭ᠎ᠠ ᠪᠠᠯᠭᠠᠰᠤᠨ ᠤ ᠬᠤᠲᠣᠩ ᠤᠨ ᠰᠦᠮ᠎ᠡ ᠭᠠᠴᠠᠭᠠᠨ ᠳᠤ ᠨᠢᠭᠡᠨ ᠰᠢᠨ᠎ᠡ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠥᠷᠲᠡᠭᠡ ᠪᠠᠶᠢᠭᠤᠯᠤᠭᠳᠠᠭᠠᠳ ᠠᠰᠢᠭᠯᠠᠯᠲᠠ ᠳᠤ ᠣᠷᠣᠬᠤ ᠭᠡᠵᠦ ᠪᠠᠶᠢᠨ᠎ᠠ᠃ ᠲᠤᠰ ᠥᠷᠲᠡᠭᠡ ᠨᠢ ᠬᠥᠳᠡᠯᠭᠡᠭᠡᠨ ᠤ ᠥᠷᠥᠭᠡ᠂ ᠡᠳᠦᠷ ᠲᠤᠳᠤᠮ ᠤᠨ ᠬᠠᠷᠠᠭᠠᠯᠵᠠᠨ ᠠᠮᠠᠷᠠᠬᠤ ᠥᠷᠥᠭᠡ᠂ ᠨᠠᠰᠤᠲᠠᠶᠢᠴᠤᠳ ᠤᠨ ᠬᠤᠭᠤᠯᠠᠨ ᠲᠢᠩᠬᠢᠮ ᠵᠡᠷᠭᠡ ᠵᠤᠶᠢᠯᠡᠰ ᠪᠦᠷᠢᠨ ᠪᠠᠶᠢᠵᠤ᠂ ᠠᠵᠢᠯᠳᠠᠨ ᠠᠴᠠ ᠠᠯᠤᠰ ᠬᠡᠲᠦ ᠶᠢᠨ ᠤᠯᠠᠭᠠᠨ ᠰᠠᠴᠤᠷᠠᠭ ᠤᠨ ᠡᠨᠧᠷᠭᠢᠲᠦ ᠪᠡᠶ᠎ᠡ ᠰᠤᠪᠢᠯᠠᠬᠤ ᠰᠠᠭᠤᠯᠠᠭ᠎ᠠ᠂ ᠬᠦᠴᠢᠯᠲᠥ᠋ᠷᠥᠭᠴᠢ ᠰᠣᠷᠣᠬᠤ ᠮᠠᠰᠢᠨ᠂ ᠪᠡᠶ᠎ᠡ ᠴᠢᠭᠢᠷᠠᠭᠵᠢᠭᠤᠯᠬᠤ ᠭᠦᠶᠦᠯᠲᠡ ᠶᠢᠨ ᠮᠠᠰᠢᠨ ᠪᠣᠯᠤᠨ ᠳᠤᠭᠤᠶ ᠲᠡᠷᠭᠡ ᠵᠡᠷᠭᠡ ᠶᠢ ᠨᠠᠷᠢᠨ ᠬᠢᠨᠠᠮᠠᠭᠠᠶ ᠲᠣᠬᠢᠷᠠᠭᠤᠯᠤᠨ ᠲᠤᠷᠰᠢᠨ ᠦᠵᠡᠵᠤ ᠶᠠᠭᠠᠷᠠᠯᠳᠠᠢ ᠠᠵᠢᠯᠯᠠᠵᠤ ᠪᠠᠶᠢᠨ᠎ᠠ᠃     ᠰᠤᠪᠤᠷᠭ᠎ᠠ ᠪᠠᠯᠭᠠᠰᠤᠨ ᠤ ᠬᠤᠲᠣᠩ ᠤᠨ ᠰᠦᠮ᠎ᠡ ᠭᠠᠴᠠᠭᠠᠨ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠥᠷᠲᠡᠭᠡ ᠪᠣᠯ ᠪᠥᠬᠦ ᠬᠤᠰᠢᠭᠤᠨ ᠤ ᠨᠠᠰᠤᠲᠠᠶᠢᠴᠤᠳ ᠲᠤ ᠤᠶᠢᠯᠡᠴᠢᠯᠡᠬᠦ ᠶᠢᠨ ᠬᠤᠷᠢᠶᠠᠩᠭᠤᠶ ᠳᠦᠷᠰᠦ ᠮᠥᠨ᠂ ᠪᠠᠰᠠ ᠴᠤ ᠡᠨᠡ ᠵᠢᠯ ᠤᠨ 10  ᠵᠤᠶᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠢᠶᠠᠷ ᠪᠠᠳᠤᠯᠠᠬᠰᠠᠨ ᠲᠥᠷᠥᠯ ᠵᠤᠶᠢᠯ ᠤᠨ ᠨᠢᠭᠡ ᠠᠭᠤᠯᠭ᠎ᠠ ᠪᠣᠯᠤᠨ᠎ᠠ᠃ 2023 ᠣᠨ ᠳᠤ᠂ ᠡᠵᠡᠨ ᠬᠤᠷᠤᠭ᠎ᠠ ᠬᠤᠰᠢᠭᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ ᠶᠢ ᠪᠦᠷᠢᠨ ᠪᠥᠷᠬᠦᠭᠦᠯᠬᠦ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ ᠢ ᠬᠡᠷ ᠠᠴᠠ ᠪᠠᠨ ᠰᠠᠯᠬᠤ ᠥᠬᠡᠶ᠂ ᠲᠥᠷᠥᠯ ᠰᠠᠳᠤᠨ ᠠᠴᠠ ᠪᠠᠨ ᠬᠤᠯᠠᠳᠬᠤ ᠦᠭᠡᠢ᠂ ᠬᠥᠳᠡᠭᠡ ᠳᠡᠭᠡᠨ᠂  ᠬᠠᠯᠠᠭᠤᠨ ᠲᠤᠯᠠᠭᠠᠨ ᠬᠡᠷ ᠪᠦᠯᠢ ᠳᠡᠭᠡᠨ ᠠᠰᠠᠷᠠᠮᠵᠢ ᠬᠦᠷᠳᠡᠬᠦ ᠶᠢ ᠪᠡᠶᠡᠯᠡᠬᠦᠯᠬᠦ ᠪᠤᠯᠤᠨ᠎ᠠ᠃     ᠲᠣᠰᠬᠤᠨ ᠤ ᠨᠠᠰᠤᠲᠠᠶᠢᠴᠤᠳ ᠤᠨ ᠤᠶᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠪᠠᠷ ᠬᠠᠩᠭᠠᠵᠤ᠂ ᠬᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ ᠤᠶᠢᠯᠡᠴᠢᠯᠡᠭᠡ ᠶᠢ ᠠᠶᠢᠯ ᠡᠷᠦᠬᠡ ᠳᠤ ᠣᠷᠣᠭᠤᠯᠤᠨ᠂ ᠬᠥᠳᠡᠭᠡ ᠲᠣᠰᠬᠤᠨ ᠤ ᠭᠠᠵᠠᠷ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠵᠠᠮ ᠬᠠᠷᠢᠯᠴᠠᠭ᠎ᠠ ᠳᠥᠭᠦᠮ ᠦᠭᠡᠢ᠂  ᠤᠶᠢᠯᠡᠴᠢᠯᠡᠭᠡ ᠬᠦᠷᠦᠯᠴᠡᠬᠦ ᠥᠬᠡᠶ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠵᠦ ᠪᠠᠶᠢᠨ᠎ᠠ᠃ ᠣᠳᠣᠬᠠᠨ ᠪᠣᠯᠲᠠᠯ᠎ᠠ᠂ ᠡᠵᠡᠨ ᠬᠤᠷᠤᠭ᠎ᠠ ᠬᠤᠰᠢᠭᠤ ᠨᠡᠶᠢᠭᠡᠮ ᠲᠣᠭᠤᠷᠢᠭ ᠤᠨ ᠨᠠᠰᠤᠵᠢᠯ ᠤᠨ  ᠤᠶᠢᠯᠡᠴᠢᠯᠡᠭᠡᠨ ᠤ ᠲᠥᠪ ︵ᠥᠷᠲᠡᠭᠡ︶᠎ ᠢ ᠨᠡᠶᠢᠲᠡ 15 ᠪᠠᠶᠢᠭᠤᠯᠤᠨ ᠳᠠᠭᠤᠰᠬᠠᠵᠤ᠂ 7 ᠪᠠᠯᠭᠠᠰᠤ᠂ 23 ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠬᠡᠷ ᠲᠡᠭᠡᠨ  ᠰᠠᠭᠤᠭ᠎ᠠ ᠨᠠᠰᠤᠲᠠᠶᠢᠴᠤᠳ ᠢ ᠠᠰᠠᠷᠠᠬᠤ ᠤᠶᠢᠯᠡᠴᠢᠯᠡᠭᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠬᠤᠰᠢᠭᠤ᠂ ᠪᠠᠯᠭᠠᠰᠤ᠂ ᠨᠡᠶᠢᠭᠡᠮ ᠲᠣᠭᠤᠷᠢᠭ ᠤᠨ ᠪᠥᠬᠦ ᠲᠠᠯ᠎ᠠ ᠶᠢᠨ᠂ ᠪᠦᠷᠢᠨ ᠪᠦᠷᠬᠦᠭᠦᠯᠦᠭᠰᠡᠨ ︽ᠭᠤᠷᠪᠠᠨ ᠱᠠᠳᠤᠨ︾᠎ ᠎ ᠤ ᠬᠡᠷ ᠲᠡᠭᠡᠨ  ᠰᠠᠭᠤᠭ᠎ᠠ ᠨᠠᠰᠤᠲᠠᠶᠢᠴᠤᠳ ᠢ ᠠᠰᠠᠷᠠᠬᠤ  ᠤᠶᠢᠯᠡᠴᠢᠯᠡᠭᠡᠨ ᠤ ᠰᠢᠰᠲ᠋ᠧᠮ ᠢ ᠪᠣᠶ ᠪᠣᠯᠭᠠᠪᠠ᠃ ᠨᠠᠰᠤᠲᠠᠳ ᠤᠨ ︽ᠭᠤᠷᠪᠠᠨ ᠰᠠᠯᠬᠤ ᠥᠬᠡᠶ︾ ︵ᠬᠡᠷ ᠪᠦᠯᠢ ᠠᠴᠠ ᠪᠠᠨ ᠰᠠᠯᠬᠤ ᠥᠬᠡᠶ᠂ ᠨᠡᠶᠢᠭᠡᠮ ᠲᠣᠭᠤᠷᠢᠭ ᠠᠴᠠ ᠪᠠᠨ ᠰᠠᠯᠬᠤ ᠥᠬᠡᠶ᠂ ᠲᠥᠷᠥᠯ ᠰᠠᠳᠤᠨ ᠠᠴᠠ ᠪᠠᠨ ᠰᠠᠯᠬᠤ ᠥᠬᠡᠶ︶᠎ ᠶᠢ ᠦᠨᠡᠨᠬᠦ ᠪᠡᠶᠡᠯᠡᠭᠦᠯᠵᠦ᠂ ︽ᠭᠤᠷᠪᠠᠨ ᠬᠦᠴᠢᠷ︾ ︵ᠬᠤᠭᠤᠯᠠ ᠢᠳᠡᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠬᠦᠴᠢᠷ᠂ ᠬᠡᠷ ᠤᠨ ᠶᠠᠪᠤᠳᠠᠯ ᠤᠨ ᠬᠦᠴᠢᠷ︶᠎ ᠤᠨ ᠠᠰᠠᠭᠤᠳᠠᠯ ᠢ ᠰᠢᠢᠳᠪᠤᠷᠢᠯᠡᠨ᠂ ︽15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠣᠭᠤᠷᠢᠭ︾᠎ ᠢ  ᠪᠠᠶᠢᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ︽ᠣᠶᠤᠨᠴᠢ ᠰᠦᠯᠵᠢᠶ᠎ᠡ︾᠎ ᠶᠢ ᠪᠠᠶᠢᠭᠤᠯᠵᠤ᠂ ᠨᠠᠰᠤᠲᠠᠶᠢᠴᠤᠳ ᠭᠠᠷ ᠤᠲᠠᠰᠤ ᠪᠠᠷ ᠢᠶᠠᠨ ᠪᠠᠶᠢᠴᠠᠭᠠᠨ ᠯᠠᠪᠯᠠᠬᠤ᠂ ᠡᠮᠴᠢᠯᠡᠭᠡ᠂ ᠬᠤᠭᠤᠯᠠᠯᠠᠬᠤ᠂ ᠤᠬᠢᠶᠠᠯᠭ᠎ᠠ ᠬᠢᠬᠦ ᠵᠡᠷᠭᠡ  ᠤᠶᠢᠯᠡᠴᠢᠯᠡᠭᠡᠨ ᠤ ᠵᠤᠶᠢᠯᠡᠰ ᠢ ᠵᠠᠬᠢᠶᠠᠯᠠᠨ᠂ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ ᠶᠢ ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ ᠶᠢ ᠪᠡᠶᠡᠯᠡᠬᠦᠯᠬᠦ ᠪᠠᠷ ᠪᠠᠶᠢᠨ᠎ᠠ᠃ ᠡᠭᠦᠨ ᠤ ᠬᠠᠮᠲᠤ᠂ ᠣᠶᠤᠨᠴᠢᠯᠠᠭᠰᠠᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠥᠷᠨᠢᠭᠦᠯᠵᠦ᠂ ᠬᠥᠳᠡᠭᠡ ᠲᠣᠰᠬᠤᠨ ᠤ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢᠨ ᠪᠠᠷᠢᠮᠵᠢᠶ᠎ᠠ ᠶᠣᠰᠣᠭᠠᠷ᠂ ᠬᠡᠷᠡᠭᠴᠡᠭᠡ ᠪᠠᠷ ᠨᠢ ᠪᠠᠴᠢᠮ ᠳᠠᠭᠤᠳᠠᠬᠤ᠂ ᠤᠶᠤᠨᠴᠢ ᠡᠮᠦᠰᠴᠦ ᠵᠡᠭᠦᠬᠦ᠂ ᠠᠯᠤᠰ ᠡᠵᠡᠮᠰᠢᠯᠲᠦ ᠰᠡᠷᠡᠯ ᠵᠡᠷᠭᠡ ᠣᠶᠤᠨᠴᠢᠯᠠᠭᠰᠠᠨ ᠲᠥᠬᠦᠭᠡᠷᠦᠮᠵᠢ ᠶᠢ ᠨᠡᠮᠡᠵᠦ ᠤᠭᠰᠠᠷᠠᠨ᠂ ᠨᠠᠰᠤᠳᠠᠶᠢᠴᠤᠳ ᠢ ᠠᠰᠠᠷᠠᠬᠤ ᠰᠤᠪᠢᠯᠠᠭᠴᠢ ᠶᠢᠨ ᠭᠡᠷ ᠲᠤᠨᠢ ᠬᠦᠷᠴᠦ ᠤᠶᠢᠯᠡᠴᠢᠯᠡᠬᠦ ᠶᠠᠪᠤᠴᠠ ᠶᠢ ᠴᠠᠭ ᠲᠤᠬᠠᠶ ᠳᠤᠨᠢ ᠬᠢᠨᠠᠨ ᠬᠠᠮᠢᠶᠠᠷᠴᠤ᠂ ᠤᠶᠢᠯᠡᠴᠢᠯᠡᠭᠡᠨ ᠤ ᠳᠠᠩᠰᠠ ᠡᠪᠬᠡᠮᠡᠯ ᠢ ᠪᠦᠷᠢᠯᠳᠦᠭᠦᠯᠦᠨ᠂ ᠤᠶᠢᠯᠡᠴᠢᠯᠡᠭᠡᠨ ᠤ ᠶᠠᠰᠤ ᠴᠢᠨᠠᠷ ᠢ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠬᠤ ᠪᠠᠷ ᠪᠠᠶᠢᠨ᠎ᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ