ᠪᠥᠬᠦ ᠬᠤᠲᠠ ᠶᠢᠨ ᠴᠣᠷ ᠤᠨ ᠭᠠᠭᠴᠠ ᠤᠯᠤᠰ ᠤᠨ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠣᠯᠭᠤᠪᠠ
ᠨᠡᠶᠢᠲᠡᠯᠡᠭᠰᠡᠨ ᠴᠠᠭ᠄
2023/6/10
       6 ᠳ᠋ᠤᠭᠠᠷ ᠰᠠᠷ᠎ᠠ ᠶᠢᠨ 9᠎ ᠤ ᠡᠳᠦᠷ᠂ ︽ᠬᠤᠶᠠᠷ ᠢ ᠬᠦᠷᠢᠶᠡᠯᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠠᠬᠠᠮᠠᠳ ᠴᠡᠷᠢᠭ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠯᠠᠮᠵᠢᠯᠠᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠵᠢᠴᠢ ᠣᠷᠳᠣᠰ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠠᠩᠭᠢ ᠪᠤᠯᠬᠤ ᠱᠧᠨ ᠳ᠋ᠦᠩ ᠶᠡᠭᠡ ᠠᠩᠭᠢ ᠳᠤ ᠲᠤᠭ ᠣᠯᠭᠤᠬᠤ ᠶᠣᠰᠣᠯᠠᠯ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ᠃      ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠠᠩᠭᠢ ᠱᠧᠨ ᠳ᠋ᠦᠩ ᠶᠡᠭᠡ ᠠᠩᠭᠢ ᠪᠣᠯ ᠮᠠᠨ ᠤ ᠬᠤᠲᠠ ᠶᠢᠨ ᠴᠣᠷ ᠤᠨ ᠭᠠᠭᠴᠠ ᠤᠯᠤᠰ ᠤᠨ ᠲᠠᠰ ᠤᠨ ᠪᠠᠴᠢᠮ ᠪᠠᠶᠢᠳᠠᠯ ᠢ  ᠠᠷᠭᠠᠴᠠᠭᠠᠬᠤ ᠠᠪᠤᠷᠠᠨ ᠲᠤᠰᠠᠯᠠᠬᠤ ᠠᠩᠭᠢ ᠪᠣᠯᠤᠨ᠎ᠠ᠂ ᠡᠶᠢᠮᠦᠷᠬᠦ ᠡᠩᠨᠡᠭᠡ ᠨᠢ ᠪᠥᠬᠦ ᠤᠯᠤᠰ ᠲᠤ ᠨᠡᠶᠢᠲᠡ 42 ᠪᠠᠶᠢᠵᠤ᠂ ᠥᠪᠥᠷ ᠮᠣᠩᠭᠤᠯ ᠳᠤ ᠵᠥᠪᠬᠡᠨ 3 ᠪᠤᠢ᠃  ᠡᠨᠡ ᠬᠦ ᠶᠡᠭᠡ ᠠᠩᠭᠢ ᠳᠤ ᠨᠡᠶᠢᠲᠡ 263 ᠬᠥᠮᠦᠨ ᠲᠠᠢ᠂ ᠡᠭᠦᠨ ᠳᠤ ᠴᠡᠷᠢᠭ ᠠᠴᠠ ᠬᠠᠯᠠᠬᠳᠠᠬᠰᠠᠳ 153 ᠬᠥᠮᠦᠨ ᠢ ᠡᠵᠡᠯᠡᠨ᠂ ᠡᠩᠨᠡᠭᠡ ᠪᠠᠶᠢᠭᠤᠯᠤᠭᠰᠠᠨ ᠠᠴᠠ ᠣᠲᠣ ᠪᠣᠯᠲᠠᠯ᠎ᠠ ᠨᠡᠶᠢᠲᠡ 3745 ᠭᠠᠯ ᠤᠨ ᠠᠳᠡᠯ᠂ 176 ᠨᠡᠭᠦᠷᠡᠰᠦᠨ ᠠᠭᠤᠷᠬᠠᠶ ᠶᠢᠨ ᠠᠳᠡᠯ ᠢ ᠰᠢᠢᠳᠪᠦᠷᠢᠯᠡᠵᠦ᠂ ᠮᠠᠨ ᠤ ᠬᠤᠰᠢᠭᠤ ᠴᠢᠨᠠᠭᠰᠢᠯᠠᠪᠠᠯ ᠪᠥᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠢ ᠨᠥᠬᠦᠪᠥᠷᠢᠯᠡᠬᠦ ᠳᠤ ᠢᠳᠡᠪᠬᠢᠲᠡᠶ ᠦᠢᠯᠡᠳᠦᠯ ᠦᠵᠡᠭᠦᠯᠵᠡᠶ᠃      ᠣᠷᠳᠣᠰ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠠᠩᠭᠢ ᠪᠤᠯᠬᠤ ᠱᠧᠨ ᠳ᠋ᠦᠩ ᠶᠡᠭᠡ ᠠᠩᠭᠢ ᠨᠢ ᠤᠯᠤᠰ ᠤᠨ ᠲᠤᠰᠬᠠᠶ ᠮᠡᠷᠭᠡᠵᠢᠯ ᠤᠨ ᠠᠩᠭᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠦᠢᠯᠡᠳᠦᠯᠭᠡᠵᠢᠬᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠡᠭᠦᠷᠭᠡ ᠶᠢ ᠢᠳᠡᠪᠬᠢᠲᠡᠶ ᠡᠬᠦᠷᠭᠡᠯᠡᠨ᠂ ︽ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ  ᠲᠦᠭᠰᠢᠬᠦᠷᠢ ᠠᠴᠠ ᠠᠶᠤᠬᠤ ᠥᠬᠡᠶ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠦᠢᠯᠡᠴᠢᠯᠡᠬᠦ︾ ᠲᠡᠷᠢᠭᠦᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠠᠷ ᠪᠠᠶᠢᠨ᠎ᠠ᠃      ᠲᠤᠭ ᠤᠯᠭᠤᠬᠤ ᠶᠣᠰᠣᠯᠠᠯ ᠢ ᠬᠤᠲᠠ᠂ ᠬᠤᠰᠢᠭᠤ ᠬᠤᠶᠠᠷ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠡᠷᠭᠢᠯᠡᠪᠡ᠃       ᠶᠣᠰᠣᠯᠠᠯ ᠲᠡᠭᠦᠰᠦᠭᠰᠡᠨ ᠤ ᠳᠠᠷᠠᠭ᠎ᠠ᠂ ᠪᠠᠰᠠ ︽ᠬᠤᠶᠠᠷ ᠢ ᠬᠦᠷᠢᠶᠡᠯᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠠᠬᠠᠮᠠᠳ ᠴᠡᠷᠢᠭ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠯᠠᠮᠵᠢᠯᠠᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠲᠤ ᠨᠠᠮ ᠪᠣᠯᠤᠨ ᠤᠯᠤᠰ ᠤᠨ ᠬᠠᠶᠢᠷ᠎ᠠ ᠬᠠᠯᠠᠮᠵᠢ ᠵᠢᠴᠢ ᠨᠡᠶᠢᠭᠡᠮ ᠤᠨ ᠬᠦᠨᠳᠦᠳᠬᠡᠯ ᠢ ᠮᠡᠳᠡᠷᠡᠭᠦᠯᠪᠡ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ