| 6 ᠳ᠋ᠤᠭᠠᠷ ᠰᠠᠷ᠎ᠠ ᠶᠢᠨ 9 ᠤ ᠡᠳᠦᠷ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠡᠵᠡᠨ ᠬᠤᠷᠤᠭ᠎ᠠ ᠬᠤᠰᠢᠭᠤᠨ ᠤ ᠲᠠᠩᠰᠠ | ᠡᠪᠬᠡᠮᠡᠯ ᠤᠨ ᠲᠣᠪᠴᠢᠶ᠎ᠠ᠂ ᠡᠵᠡᠨ ᠬᠤᠷᠤᠭ᠎ᠠ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠤᠷᠳᠤᠨ ᠬᠠᠮᠲᠤᠷᠠᠨ ᠡᠷᠭᠢᠯᠡᠭᠰᠡᠨ ᠠᠷᠪᠠᠨ ᠵᠢᠷᠭᠤᠳᠤᠭᠠᠷ | ᠬᠤᠭᠤᠴᠠᠭᠠᠨ ᠤ ︽6.9︾ ᠤ ᠳᠡᠯᠡᠬᠡᠶ ᠶᠢᠨ ᠲᠠᠩᠰᠠ ᠡᠪᠬᠡᠮᠡᠯ ᠤᠨ ᠡᠳᠦᠷ ᠢ ᠪᠡᠯᠭᠡᠯᠡᠬᠦ ᠤᠬᠠᠭᠤᠯᠭ᠎ᠠ ᠶᠢᠨ ᠠᠵᠢᠯᠯᠠᠭ᠎ᠠ ᠵᠢᠶᠦ᠋ᠨ ᠸᠠᠩ ᠤᠨ ᠣᠷᠳᠣᠨ ᠤ ᠠᠭᠤᠳᠠᠮ | ᠲᠠᠯᠠᠪᠠᠶ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠤᠤ ᠸᠧᠢ ᠠᠵᠢᠯᠯᠠᠭ᠎ᠠ ᠳᠤ | ᠰᠠᠭᠠᠳᠠᠵᠦ᠂ ᠬᠤᠳᠠ᠂ ᠬᠤᠰᠢᠭᠤ ᠬᠤᠶᠠᠷ ᠱᠠᠳᠤᠨ ᠤ ᠲᠠᠩᠰᠠ ᠡᠪᠭᠡᠮᠡᠯ ᠤᠨ ᠲᠤᠪᠴᠢᠶ᠎ᠠ ᠵᠢᠴᠢ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ ᠶᠢᠨ ᠳᠠᠩᠰᠠ | ᠡᠪᠬᠡᠮᠡᠯ ᠤᠨ ᠠᠵᠢᠯᠲᠠᠨ᠂ ᠣᠯᠠᠨ ᠲᠦᠮᠡᠨ ᠨᠡᠶᠢᠳᠡ 1500 ᠭᠠᠷᠤᠶ ᠬᠥᠮᠦᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭᠠᠨ ᠤ ᠲᠤᠬᠠᠢ ᠶᠢᠨ ᠲᠠᠯᠠᠪᠠᠶ ᠳᠤ᠂ ᠲᠠᠩᠰᠠ ᠡᠪᠬᠡᠮᠡᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠣᠶᠣᠯ ᠤᠨ ᠡᠬᠦᠳᠦᠯᠳᠡ ᠶᠢᠨ | ᠪᠦᠲᠦᠭᠡᠭᠳᠡᠬᠦᠨ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠲᠠᠩᠰᠠ ᠡᠪᠬᠡᠮᠡᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ ᠬᠤᠲᠠ ᠶᠢᠨ ᠠᠷᠠᠳ ᠲᠤ ᠲᠠᠩᠰᠠ ᠡᠪᠬᠡᠮᠡᠯ ᠤᠨ ᠠᠰᠢᠭᠯᠠᠯᠲᠠ᠂ ᠴᠤᠭᠯᠠᠭᠤᠯᠭ᠎ᠠ ᠵᠡᠷᠭᠡ ᠲᠠᠯ᠎ᠠ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠦ᠂ | ᠲᠠᠩᠰᠠ ᠡᠪᠬᠡᠮᠡᠯ ᠤᠨ ᠤᠬᠠᠭᠤᠯᠭ᠎ᠠ ᠶᠢᠨ ᠮᠠᠲ᠋ᠧᠷᠢᠶᠠᠯ᠂ ᠭᠤᠶᠢᠳᠠ ᠰᠠᠶᠢᠬᠠᠨ ᠲᠠᠩᠰᠠ ᠡᠪᠬᠡᠮᠡᠯ ᠤᠨ ᠤᠬᠠᠭᠤᠯᠭ᠎ᠠ ᠶᠢᠨ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢ 1000 ᠭᠠᠷᠤᠶ ᠬᠤᠪᠢ ᠲᠠᠷᠬᠠᠭᠠᠵᠤ᠂ 500 ᠭᠠᠷᠤᠶ ᠬᠥᠮᠦᠨ ᠤ ᠠᠰᠠᠭᠤᠯᠳᠠ ᠳᠤ ᠬᠠᠷᠢᠭᠤᠯᠳᠠ ᠦᠭᠪᠡ᠃ ᠠᠵᠢᠯᠯᠠᠭ᠎ᠠ ᠨᠢ ᠥᠷᠭᠡᠨ ᠣᠯᠠᠨ | ᠲᠦᠮᠡᠨ ᠤ ᠲᠠᠩᠰᠠ ᠡᠪᠬᠡᠮᠡᠯ ᠤᠨ ᠤᠬᠠᠮᠰᠠᠷ ᠢ ᠴᠢᠩᠭᠠᠷᠠᠭᠤᠯᠵᠤ᠂ ᠲᠠᠩᠰᠠ ᠡᠪᠭᠡᠮᠡᠯ ᠤᠨ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ | ᠬᠥᠮᠦᠨ ᠪᠦᠬᠦᠨ ᠲᠠᠩᠰᠠ ᠡᠪᠬᠡᠮᠡᠯ ᠢ ᠠᠩᠬᠠᠷᠴᠤ᠂ ᠲᠠᠩᠰᠠ ᠡᠪᠬᠡᠮᠡᠯ ᠤᠨ ᠠᠵᠢᠯ ᠳᠤ ᠣᠷᠣᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠪᠠ᠃ | ᠲᠠᠷᠠᠭᠠᠴᠢ ᠪᠠᠷ᠂ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠨᠢ ᠲᠡᠯᠡᠭᠡᠢ ᠶᠢᠨ ᠲᠠᠩᠰᠠ | ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠠᠩᠰᠠ | ᠡᠪᠬᠡᠮᠡᠯ ᠤᠨ ᠠᠵᠢᠯ ᠤᠨ ︽ᠳᠥᠷᠪᠡᠨ ᠰᠠᠶᠢᠨ᠂ ᠬᠤᠶᠠᠷ ᠦᠢᠯᠡᠴᠢᠯᠡᠭᠡ︾ ᠶᠢᠨ ᠲᠤᠬᠠᠶ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠩᠰᠠ ᠡᠪᠬᠡᠮᠡᠯ ᠤᠨ ᠠᠵᠢᠯ ᠤᠨ ᠣᠳᠣᠬᠢᠴᠢᠯᠠᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ | ᠦᠢᠯᠡᠰ ᠤᠨ ᠲᠡᠦᠬᠡ ᠶᠢ ᠬᠠᠳᠠᠭᠠᠯᠠᠨ ᠵᠠᠰᠠᠭ ᠲᠤ ᠲᠤᠰᠠᠯᠠᠵᠤ ᠬᠥᠮᠦᠨ ᠢ ᠬᠥᠮᠦᠵᠢᠭᠦᠯᠬᠦ ᠦᠢᠯᠡᠳᠦᠯ ᠢ ᠪᠠᠳᠠᠷᠠᠭᠤᠯᠵᠤ᠂ ᠡᠵᠡᠨ ᠬᠤᠷᠤᠭ᠎ᠠ ᠬᠤᠰᠢᠭᠤᠨ ᠤ | ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠳᠤ ᠨᠠᠩ ᠰᠠᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ |