| 6 ᠳ᠋ᠤᠭᠠᠷ ᠰᠠᠷ᠎ᠠ ᠶᠢᠨ 9 ᠤ ᠡᠳᠦᠷ᠂ ᠡᠵᠡᠨ ᠬᠤᠷᠤᠭ᠎ᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠠᠪᠤᠳᠤᠭᠠᠷ᠂ ᠵᠢᠷᠭᠤᠳᠤᠭᠠᠷ | ᠳᠤᠭᠤᠶᠢᠯᠠᠩ ᠤᠨ ᠬᠡᠰᠡᠭ ᠭᠡᠰᠢᠭᠦᠳ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠬᠦᠷᠴᠦ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ︾ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠪᠠ᠃ | ᠭᠡᠰᠢᠭᠦᠳ ᠰᠤᠷᠭᠠᠭᠤᠯᠢ ᠶᠢᠨ ᠨᠣᠮ ᠤᠨ ᠰᠠᠩ᠂ ᠪᠡᠶ᠎ᠡ ᠶᠢᠨ ᠲᠠᠮᠢᠷ ᠤᠨ ᠣᠷᠳᠣᠨ᠂ ᠵᠢᠭᠠᠨ ᠰᠤᠷᠭᠠᠬᠤ ᠠᠰᠠᠷ ᠵᠡᠷᠭᠡ ᠭᠠᠵᠠᠷ ᠢᠶᠠᠷ ᠲᠣᠭᠤᠷᠢᠨ ᠦᠵᠡᠵᠦ᠂ | ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠠᠷᠭ᠎ᠠ ᠪᠠᠷᠢᠯ ᠪᠠ ᠣᠯᠤᠭᠰᠠᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠭᠡᠰᠢᠭᠦᠳ ᠭᠤᠣᠯ ᠰᠡᠳᠦᠪ ᠤᠨ ᠲᠣᠭᠤᠷᠢᠨ ᠳᠤ᠂ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠤᠷᠠᠳᠴᠠᠢ᠃ | ᠳᠠᠷᠠᠭ᠎ᠠ ᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ᠂ ᠵᠢᠷᠭᠤᠳᠤᠭᠠᠷ ᠳᠤᠭᠤᠶᠢᠯᠠᠩ ᠡᠵᠡᠨ ᠬᠤᠷᠤᠭ᠎ᠠ ᠬᠤᠰᠢᠭᠤᠨ ᠤ ᠠᠯᠪᠠᠨ | ᠭᠡᠷᠡᠴᠢᠯᠡᠭᠡ ᠶᠢᠨ ᠭᠠᠵᠠᠷ ᠲᠠᠢ ᠬᠠᠮᠲᠤᠷᠠᠨ ᠰᠤᠷᠭᠠᠭᠤᠯᠢ ᠳᠤ 20000 ᠭᠠᠷᠤᠶ ᠲᠥᠭᠦᠷᠢᠭ ᠤᠨ ᠨᠣᠮ ᠲᠡᠪᠳᠡᠷ ᠪᠠ 5000 ᠭᠠᠷᠤᠶ ᠲᠥᠭᠦᠷᠢᠭ ᠤᠨ ᠡᠮᠴᠢᠯᠡᠭᠡᠨ ᠤ | ᠡᠳ᠋ ᠪᠣᠳᠠᠰ ᠬᠠᠨᠳᠢᠪᠯᠠᠵᠤ᠂ ᠰᠤᠷᠤᠭᠴᠢᠳ ᠢ ᠣᠯᠠᠨ ᠨᠣᠮ ᠤᠩᠰᠢᠬᠤ᠂ ᠰᠠᠶᠢᠨ ᠨᠣᠮ ᠤᠩᠰᠢᠬᠤ ᠳᠠᠳᠬᠠᠯ ᠲᠠᠢ ᠪᠤᠯᠭᠠᠬᠤ ᠶᠢ ᠬᠦᠳᠦᠯᠦᠨ ᠵᠢᠯᠤᠭᠤᠳᠪᠠ᠃ | |