| ᠤᠶᠢᠷ᠎ᠠ ᠳᠤ᠂ ᠣᠷᠳᠣᠰ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠢᠪᠡᠷᠳᠠᠢ ᠶᠡᠭᠡ ᠬᠥᠭᠦᠷᠭᠡ ᠵᠢᠴᠢ ᠲᠦᠷᠭᠡᠨ ᠤ ᠵᠠᠰᠠᠮᠠᠯ ᠵᠠᠮ ᠤᠨ | ᠰᠦᠢᠳᠬᠡᠯ ᠬᠤᠷᠢᠶᠠᠬᠤ ᠥᠷᠲᠡᠭᠡ ᠠᠴᠠ ᠣᠷᠣᠨ ᠨᠤᠲᠤᠭ ᠤᠨ ᠵᠠᠮ ᠯᠤᠭ᠎ᠠ ᠬᠤᠯᠪᠣᠭᠰᠠᠨ ᠱᠤᠭᠤᠮ ᠤᠨ ᠢᠨᠵᠧᠨᠧᠷᠢᠩ ᠢ ᠴᠤᠬᠤᠯᠠᠪᠤᠷᠢᠯᠠᠨ ᠵᠦᠪᠰᠢᠶᠡᠷᠡᠪᠡ᠃ | ᠲᠣᠰ ᠲᠥᠷᠥᠯ ᠵᠤᠶᠢᠯ ᠤᠨ ᠵᠠᠮ ᠤᠨ ᠣᠷᠳᠣ ᠨᠢ 20 .082 ᠺᠢᠯᠣᠮᠧᠲᠷ ᠪᠠᠶᠢᠵᠤ᠂ ᠬᠤᠤᠰ ᠴᠢᠭᠯᠡᠯᠲᠦ ᠶᠢᠨ ᠳᠥᠷᠪᠡᠨ ᠲᠡᠷᠭᠡᠨ ᠵᠠᠮ ᠤᠨ ᠨᠢᠭᠡᠳᠦᠭᠡᠷ | ᠳᠡᠰ ᠤᠨ ᠵᠠᠰᠠᠮᠠᠯ ᠵᠠᠮ ᠢ ᠵᠢᠷᠤᠵᠤ ᠲᠥᠯᠥᠪᠯᠡᠬᠦ ᠪᠠᠷᠢᠮᠵᠢᠶ᠎ᠠ ᠪᠠᠷ ᠵᠢᠷᠤᠵᠤ ᠲᠦᠯᠤᠪᠯᠡᠨ᠂ ᠬᠤᠷᠳᠤᠴᠠ ᠨᠢ ᠴᠠᠭ ᠪᠦᠷᠢ 80 ᠺᠢᠯᠣᠮᠧᠲᠷ ᠪᠠᠷ ᠲᠦᠰᠤᠪᠯᠡᠵᠦ᠂ | ᠵᠠᠮ ᠤᠨ ᠰᠠᠭᠤᠷᠢ ᠶᠢᠨ ᠥᠷᠭᠡᠨ ᠨᠢ 26 ᠮᠧᠲᠷ ᠪᠣᠯᠤᠨ᠎ᠠ᠃ ᠪᠦᠬᠦ ᠱᠤᠭᠤᠮ ᠳᠤ 2 ᠬᠥᠭᠦᠷᠭᠡ ᠲᠤᠬᠢᠷᠠᠭᠤᠯᠤᠨ ᠂ ᠪᠦᠬᠦ ᠤᠷᠳᠤ ᠨᠢ 2272 ᠮᠧᠲᠷ ᠪᠠᠶᠢᠵᠤ᠂ | ᠡᠭᠦᠨ ᠳᠤ ᠰᠢᠪᠡᠷᠳᠠᠢ ᠲᠤᠮᠤ ᠬᠥᠭᠦᠷᠭᠡ ᠨᠢ ᠤᠯᠠᠭᠠᠨᠮᠦ᠋ᠷᠡᠨ ᠭᠤᠣᠯ ᠵᠢᠴᠢ ᠪᠤᠭᠤᠳᠤ ᠠᠴᠠ ᠰᠠᠶᠢᠨᠳᠤᠷ᠎ᠠ ᠬᠦᠷᠬᠦ ᠲᠡᠮᠦᠷ ᠵᠠᠮ ᠢ ᠰᠤᠨᠳᠠᠯᠠᠨ᠂ ᠤᠷᠳᠤ ᠨᠢ 1592 | ᠮᠧᠲᠷ ᠪᠠᠶᠢᠵᠤ᠂ ᠤᠷᠲᠤ ᠭᠤᠤᠯ ᠤᠨ ᠶᠡᠭᠡ ᠬᠦᠬᠦᠷᠭᠡ ᠶᠢᠨ ᠤᠷᠲᠤ ᠨᠢ 680 ᠮᠧᠲᠷ ᠪᠤᠯᠤᠨ᠎ᠠ᠂ ᠡᠬᠦᠨ ᠤ ᠬᠠᠮᠳᠤ᠂ ᠭᠤᠣᠯ ᠱᠤᠭᠤᠮ ᠤᠨ ᠰᠦᠢᠳᠬᠡᠯ ᠬᠤᠷᠢᠶᠠᠬᠤ | ᠦᠷᠲᠡᠭᠡ ᠶᠢ 1 ᠪᠠᠶᠢᠭᠤᠯᠬᠤ ᠪᠠᠷ ᠪᠠᠶᠢᠨ᠎ᠠ᠃ | ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 203035 . 7 ᠲᠦᠮᠡᠨ ᠲᠥᠭᠦᠷᠢᠭ ᠪᠠᠶᠢᠵᠤ᠂ BOT ᠬᠡᠯᠪᠡᠷᠢ ᠪᠠᠷ ᠪᠥᠲᠥᠭᠡᠨ ᠪᠠᠶᠢᠭᠤᠯᠤᠨ᠂ | ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠮᠠᠨ ᠤ ᠬᠤᠰᠢᠭᠤᠨ ᠤ ᠵᠤ᠋ ᠲᠦᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠠᠴᠠ ᠬᠠᠷᠢᠭᠤᠴᠠᠨ ᠪᠦᠳᠤᠭᠡᠨ ᠪᠠᠶᠢᠭᠤᠯᠤᠨ᠎ᠠ᠃ | ᠲᠣᠰ ᠲᠥᠷᠥᠯ ᠵᠤᠶᠢᠯ ᠪᠣᠯ ᠣᠷᠳᠣᠰ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ | ᠬᠥᠭᠵᠢᠯᠲᠡ ᠶᠢᠨ ᠲᠥᠯᠥᠪᠵᠢᠭᠦᠯᠭᠡ ᠶᠢᠨ ᠳᠣᠲᠣᠷᠠᠬᠢ ᠭᠤᠤᠯᠳᠠᠯᠭ᠎ᠠ ᠲᠠᠢ ᠲᠥᠷᠥᠯ ᠵᠤᠶᠢᠯ ᠪᠣᠯᠤᠨ᠎ᠠ᠂ ᠪᠠᠰᠠ ᠴᠤ ᠠᠯᠳᠠᠨᠰᠢᠷᠡᠭᠡ ᠠᠴᠠ ᠳ᠋ᠠ ᠯᠢᠤ ᠲᠠ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ ᠪᠣᠯᠤᠨ ᠪᠤᠭᠤᠳᠤ ᠠᠴᠠ ᠹᠦ᠋ ᠬᠦ᠋ ᠬᠦᠷᠬᠦ ᠵᠠᠰᠠᠮᠠᠯ ᠵᠠᠮ ᠢ ᠬᠤᠯᠪᠣᠭᠰᠠᠨ ᠴᠢᠬᠤᠯᠠ ᠬᠤᠯᠪᠣᠭᠠᠰᠤ ᠪᠣᠯᠤᠨ᠎ᠠ᠃ ᠲᠥᠷᠥᠯ ᠵᠤᠶᠢᠯ ᠤᠨ | ᠪᠦᠲᠦᠭᠡᠨ ᠪᠠᠶᠢᠭᠤᠯᠤᠯᠲᠠ ᠨᠢ ᠣᠳᠣ ᠶᠢᠨ ᠪᠠᠶᠢᠭ᠎ᠠ ᠵᠠᠮ ᠤᠨ ᠮᠡᠷᠭᠡᠵᠢᠯ ᠤᠨ ᠪᠠᠶᠢᠳᠠᠯ ᠪᠣᠯᠤᠨ ᠵᠠᠰᠠᠮᠠᠯ ᠵᠠᠮ ᠤᠨ ᠵᠡᠷᠭᠡ ᠳᠡᠰ ᠢ ᠰᠠᠶᠢᠵᠢᠷᠠᠭᠤᠯᠵᠤ᠂ ᠵᠠᠮ ᠤᠨ | ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠷᠠᠭᠠᠨ ᠤ ᠬᠦᠢᠯᠭᠡᠭᠡᠨ ᠤ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ ᠴᠢᠳᠠᠬᠤ ᠪᠤᠯᠤᠨ᠎ᠠ᠃ | | | | | | |