ᠮᠠᠨ ᠤ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/6/12
      6 ᠳ᠋ᠤᠭᠠᠷ ᠰᠠᠷ᠎ᠠ ᠶᠢᠨ 11᠎ ᠤ ᠡᠳᠦᠷ᠂ ᠮᠠᠨ ᠤ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠬᠤᠯᠪᠤᠬᠳᠠᠯ ᠪᠥᠬᠦᠶ ᠤᠳᠤᠷᠢᠳᠤᠯᠭ᠎ᠠ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠬᠤ ᠡᠷᠬᠢᠯᠡᠭᠴᠢ ᠵᠢᠴᠢ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠪᠥᠬᠦ ᠵᠢᠭᠠᠨ ᠰᠤᠳᠤᠯᠤᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ︽ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠦᠢᠯᠡᠰ ᠤᠨ ᠬᠥᠭᠵᠢᠯᠲᠡ ᠶᠢᠨ ᠲᠥᠪ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠡᠬᠢᠯᠡᠭᠦᠯᠬᠦ ᠲᠤᠬᠠᠶ ᠮᠡᠳᠡᠭᠳᠡᠯ︾᠎ ᠢ ᠤᠩᠰᠢᠨ ᠨᠡᠶᠢᠲᠡᠯᠡᠭᠰᠡᠨ ᠪᠥᠭᠡᠳ 8 ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠤᠷᠭᠠᠭᠤᠯᠢ ᠳᠤ ᠫᠠᠶᠢᠰᠠ ᠣᠯᠭᠤᠵᠤ᠂ ᠲᠤᠷᠰᠢᠯᠲᠠ ᠶᠢᠨ ᠰᠤᠷᠭᠠᠭᠤᠯᠢ ᠶᠢᠨ ᠰᠤᠳᠤᠯᠭᠠᠨ ᠤ ᠬᠡᠯᠪᠡᠷᠢ ᠶᠢᠨ ᠪᠠᠭᠰᠢ ᠶᠢᠨ ᠲᠥᠯᠥᠭᠡᠯᠡᠭᠴᠢ ᠳᠤ ᠦᠨᠡᠮᠯᠡᠯ ᠣᠯᠭᠤᠪᠠ᠃ ᠶᠣᠰᠣᠯᠠᠯ ᠤᠨ ᠳᠠᠷᠠᠭ᠎ᠠ᠂ ᠬᠤᠸᠠ ᠱᠢ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠪᠠᠰᠠ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠭᠤᠤᠯ ᠰᠡᠳᠦᠪᠲᠦ ᠲᠠᠶᠢᠯᠤᠮᠵᠢ ᠬᠢᠪᠠ᠃      ᠪᠥᠬᠦ ᠬᠤᠰᠢᠭᠤᠨ ᠤ ᠬᠡᠪᠴᠢᠶᠡᠨ ᠳᠤ ᠰᠢᠨ᠎ᠡ ᠨᠢᠭᠡ ᠡᠭᠡᠯᠵᠢ ᠶᠢᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠨᠢ ᠥᠷᠥᠭᠡᠰᠦᠭᠡᠯ ᠢᠶᠠᠷ ᠰᠢᠯᠭᠠᠯᠲᠠ ᠶᠢ ᠠᠷᠭᠠᠴᠠᠭᠠᠬᠤ ᠰᠤᠷᠭᠠᠨ ᠬᠥᠮᠦᠵᠢᠯ ᠤᠨ ᠬᠠᠨᠳᠤᠰᠢ ᠶᠢ ᠬᠤᠪᠢᠷᠠᠭᠤᠯᠵᠤ᠂ ︽ᠳᠠᠷᠤᠭᠠᠰᠤ ᠶᠢ ᠬᠥᠩᠭᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ︾ ᠪᠡᠷᠬᠡ ᠰᠡᠳᠦᠪ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠢᠨ᠎ᠡ ᠬᠢᠴᠢᠶᠡᠯ ᠤᠨ ᠪᠠᠷᠢᠮᠵᠢᠶ᠎ᠠ ᠪᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠮᠦᠨ ᠬᠥᠮᠦᠵᠢᠭᠦᠯᠬᠦ ᠠᠷᠭ᠎ᠠ ᠬᠡᠯᠪᠡᠷᠢ ᠪᠠᠨ ᠢᠳᠡᠪᠬᠢᠲᠡᠶ ᠬᠤᠪᠢᠷᠠᠭᠤᠯᠤᠨ᠂ ᠬᠥᠮᠦᠨ ᠬᠥᠮᠦᠵᠢᠭᠦᠯᠬᠦ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ