ᠥᠪᠥᠷ ᠮᠣᠩᠭᠤᠯ ᠱᠠᠨᠰᠢ ᠶᠢᠨ ᠤᠷᠠᠯᠢᠭ ᠤᠨ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠮᠠᠨ ᠤ ᠬᠤᠰᠢᠭᠤᠨ ᠳᠤ  ᠶᠠᠪᠤᠭᠳᠠᠪᠠ
ᠨᠡᠶᠢᠲᠡᠯᠡᠭᠰᠡᠨ ᠴᠠᠭ᠄
2023/6/15
      6 ᠳ᠋ᠤᠭᠠᠷ ᠰᠠᠷ᠎ᠠ ᠶᠢᠨ 14᠎ ᠤ ᠡᠳᠦᠷ᠂ ︽ᠲᠠᠯ᠎ᠠ ᠨᠤᠲᠤᠭ ᠤᠨ ᠬᠠᠶᠢᠷ᠎ᠠ᠂ ᠬᠠᠶᠢᠷ᠎ᠠ ᠬᠠᠯᠠᠮᠵᠢᠳᠤ ᠬᠤᠳᠠ ᠶᠢᠨ ᠪᠤᠯᠵᠤᠭ᠎ᠠ︾ —︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠭᠡᠬᠦ ᠥᠪᠥᠷ ᠮᠣᠩᠭᠤᠯ ᠱᠠᠨᠰᠢ ᠶᠢᠨ ᠤᠷᠠᠯᠢᠭ ᠤᠨ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃      ᠠᠵᠢᠯᠯᠠᠭ᠎ᠠ ᠳᠤ ᠥᠪᠥᠷ ᠮᠣᠩᠭᠤᠯ ᠱᠠᠨᠰᠢ ᠬᠤᠶᠠᠷ ᠭᠠᠵᠠᠷ ᠤᠷᠤᠨ ᠤ ᠲᠣᠭᠯᠠᠭᠴᠢᠳ ᠠᠴᠠ ᠭᠠᠳᠠᠨ᠎ᠠ ᠪᠠᠰᠠ ᠡᠷᠬᠢᠨ ᠲᠣᠭᠤᠷᠢᠨ ᠤ ᠮᠤᠵᠢ ᠬᠤᠲᠠ ᠶᠢᠨ ᠲᠣᠭᠯᠠᠯᠲᠠ ᠶᠢᠨ ᠪᠦᠯᠬᠦᠮ ᠢ ᠤᠷᠢᠵᠤ᠂ ᠲᠣᠭᠯᠠᠯᠲᠠ ᠶᠢᠨ ᠬᠡᠯᠪᠡᠷᠢ ᠣᠯᠠᠨ ᠶᠠᠩᠵᠤ ᠶᠢᠨ ᠪᠠᠶᠢᠵᠤ᠂ ᠪᠥᠵᠢᠭ᠂ ᠰᠢᠯᠦᠭ᠂ ᠨᠠᠶᠢᠷᠠᠯ ᠳᠠᠭᠤᠤ ᠵᠡᠷᠭᠡ ᠲᠣᠭᠯᠠᠯᠲᠠ ᠪᠠᠷ ᠡᠯ᠎ᠡ ᠭᠠᠵᠠᠷ ᠤᠨ ᠣᠨᠴᠠᠯᠢᠭ ᠢ ᠳᠡᠯᠭᠡᠨ ᠦᠵᠡᠭᠦᠯᠵᠦ᠂ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠲᠤ ᠠᠳᠠᠯᠢ ᠪᠤᠰᠤ ᠲᠥᠷᠥᠭᠳᠡᠯ ᠪᠠ ᠥᠩᠭᠡᠷᠡᠯᠲᠡ ᠶᠢ ᠠᠪᠴᠢᠷᠠᠭᠰᠠᠨ ᠪᠥᠭᠡᠳ ᠬᠤᠶᠠᠷ ᠭᠠᠵᠠᠷ ᠤᠨ ᠤᠷᠠᠯᠢᠭᠴᠢᠳ ᠤᠨ ᠣᠶᠢᠯᠠᠭᠠᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ᠃      ᠣᠶᠢᠯᠠᠭᠠᠭᠰᠠᠨ ᠢᠶᠠᠷ᠂ ᠣᠷᠳᠣᠰ ᠬᠤᠲᠠ ᠨᠢ ᠥᠪᠥᠷ ᠮᠣᠩᠭᠤᠯ ᠱᠠᠨᠰᠢ ᠵᠡᠷᠭᠡ ᠣᠯᠠᠨ ᠭᠠᠵᠠᠷ ᠣᠷᠣᠨ ᠤ ᠰᠣᠶᠣᠯ ᠤᠨ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠶ ᠠᠬᠢᠭᠤᠯᠵᠤ᠂ ᠮᠤᠵᠢ ᠬᠤᠭᠤᠷᠤᠨᠳᠤ ᠪᠠᠨ᠂ ᠬᠤᠲᠠ ᠬᠤᠭᠤᠷᠤᠨᠳᠤ ᠪᠠᠨ ᠰᠣᠶᠣᠯ ᠤᠷᠠᠯᠢᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠡᠭᠦᠳᠦᠨ ᠪᠠᠶᠢᠭᠤᠯᠵᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠳᠤᠮᠳᠠ ᠠᠷᠠᠳ ᠣᠯᠠᠨ ᠤ ᠤᠷᠠᠯᠢᠭ ᠲᠤ ᠬᠠᠨᠳᠤᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠬᠤ ᠪᠣᠯᠤᠨ᠎ᠠ᠃       ᠲᠣᠰ ᠤᠳᠠᠭᠠᠨ ᠤ ᠠᠵᠢᠯᠯᠠᠭ᠎ᠠ ᠶᠢ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠭᠤᠤᠯᠯᠠᠨ ᠡᠷᠬᠢᠯᠡᠭᠰᠡᠨ ᠪᠠᠶᠢᠨ᠎ᠠ᠃           
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ