| 6 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠬᠤᠲᠠ ᠶᠢᠨ 2023 ᠣᠨ ᠤ ︽ᠠᠮᠤᠷ ᠲᠦᠪᠰᠢᠨ ᠤ ᠤᠬᠠᠭᠤᠯᠭ᠎ᠠ ᠶᠢᠨ ᠠᠰᠠᠭᠤᠨ ᠯᠠᠪᠯᠠᠬᠤ ᠡᠳᠦᠷ︾ | ᠤᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠮᠤᠷ ᠲᠦᠪᠰᠢᠨ ᠤ ᠰᠣᠶᠣᠯ ᠤᠨ ᠳᠡᠯᠭᠡᠨ ᠦᠵᠡᠭᠦᠯᠦᠯᠭᠡ ᠶᠢᠨ ᠬᠠᠷᠢᠯᠴᠠᠨ ᠬᠥᠳᠡᠯᠦᠯᠴᠡᠬᠦ᠂ ᠭᠠᠯ ᠢ | ᠰᠡᠷᠭᠡᠶᠢᠯᠡᠨ ᠤᠨᠲᠠᠷᠠᠭᠠᠬᠤ ᠠᠮᠢ ᠵᠢᠭᠤᠲᠠᠬᠤ ᠶᠢ ᠪᠡᠶᠡᠴᠢᠯᠡᠨ ᠣᠶᠢᠯᠠᠭᠠᠬᠤ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ | ᠳᠡᠯᠭᠡᠨ ᠦᠵᠡᠭᠦᠯᠦᠯᠭᠡ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠵᠢᠭᠠᠨ ᠰᠤᠷᠭᠠᠯᠲᠠ ᠶᠢᠨ ᠬᠠᠷᠢᠯᠴᠠᠨ ᠬᠥᠳᠡᠯᠦᠯᠴᠡᠬᠦ᠂ ᠠᠮᠤᠷ ᠲᠦᠪᠰᠢᠨ ᠤ | ᠲᠤᠬᠠᠢ ᠮᠡᠳᠡᠯᠭᠡ ᠶᠢᠨ ᠠᠰᠠᠭᠤᠨ ᠯᠠᠪᠯᠠᠬᠤ ᠦᠢᠯᠡᠴᠢᠯᠡᠭᠡ ᠵᠡᠷᠭᠡ ᠶᠢ ᠳᠣᠭᠢᠷᠠᠭᠤᠯᠵᠤ᠂ ᠠᠶᠤᠯᠬᠦᠢ ᠦᠢᠯᠡᠳᠪᠦᠷᠢᠯᠡᠯ ᠤᠨ ᠠᠮᠠᠯᠠᠯᠲᠠ ᠪᠠ ᠠᠶᠤᠯᠬᠦᠢ | ᠦᠢᠯᠡᠳᠪᠦᠷᠢᠯᠡᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠦᠷᠨᠢᠬᠦᠯᠵᠦ᠂ ᠠᠶᠤᠯᠬᠦᠢ ᠦᠢᠯᠡᠳᠪᠦᠷᠢᠯᠡᠯ ᠤᠨ ᠭᠤᠤᠯ ᠰᠡᠳᠦᠪᠲᠦ ᠤᠷᠠᠨ | ᠰᠠᠶᠢᠬᠠᠨ ᠤ ᠲᠣᠭᠯᠠᠯᠲᠠ ᠭᠠᠷᠭᠠᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠤᠷᠢᠳᠴᠢᠯᠠᠨ ᠰᠡᠷᠭᠡᠶᠢᠯᠡᠬᠦ ᠶᠢ ᠪᠠᠷᠢᠮᠲᠠᠯᠠᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ | ᠱᠠᠭᠠᠷᠳᠠᠯᠭ᠎ᠠ ᠪᠠᠷ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ | ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠬᠢᠨ 2023 ᠤᠨ ᠤ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ︽ᠬᠥᠮᠦᠨ ᠪᠦᠬᠦᠨ | ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠭᠤᠤᠯ ᠰᠡᠳᠦᠪ ᠢ ᠭᠦᠨᠵᠡᠭᠡᠶ ᠦᠢᠯᠡᠳᠦᠯᠭᠡᠵᠢᠭᠦᠯᠵᠦ᠂ ᠪᠥᠬᠦ ᠠᠷᠠᠳ ᠤᠨ | ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠦᠨᠡᠨ ᠬᠦ ᠠᠬᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ ᠠᠶᠤᠯᠭᠦᠶ ᠦᠢᠯᠡᠳᠪᠦᠷᠢᠯᠡᠯ ᠤᠨ ᠪᠠᠶᠢᠷᠢᠰᠢᠯ ᠢ ᠦᠨᠡᠨ ᠬᠦ ᠪᠦᠷᠢᠯᠳᠦᠭᠦᠯᠵᠦ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠪᠠᠷ ᠪᠠᠶᠢᠨ᠎ᠠ᠃ |