ᠤᠯᠠᠭᠠᠨ ᠪᠦᠯᠦᠭᠯᠡᠯ ᠬᠠᠷᠢᠭᠤᠴᠠᠯᠭ᠎ᠠ ᠡᠭᠦᠷᠭᠡᠯᠡᠵᠦ ᠡᠳ᠋ ᠮᠥᠩᠭᠦ ᠪᠠᠷ ᠰᠤᠷᠤᠯᠭ᠎ᠠ ᠶᠢ ᠲᠡᠳᠬᠦᠨ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/6/17
      ᠤᠯᠠᠭᠠᠨ ᠪᠦᠯᠦᠭᠯᠡᠯ 1995 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 300 ᠭᠠᠷᠤᠶ ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ  ᠠᠪᠤᠷᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ᠂ ᠡᠳ᠋ ᠮᠥᠩᠭᠦ ᠪᠠᠷ ᠰᠤᠷᠭᠠᠨ ᠬᠥᠮᠦᠵᠢᠯ ᠢ ᠲᠤᠰᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠡᠯ᠎ᠡ ᠵᠤᠶᠢᠯ ᠤᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠤᠶᠢᠯᠡᠰ ᠲᠤ 17 ᠳ᠋ᠦᠩᠰᠢᠭᠤᠷ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠪᠠ᠃ ᠺᠣᠮᠫᠠᠨᠢ ᠶᠢᠨ ᠡᠭᠦᠰᠭᠡᠨ ᠪᠠᠶᠢᠭᠤᠯᠤᠭᠴᠢ᠂ ᠨᠠᠮ ᠤᠨ ᠬᠤᠷᠢᠶᠠᠨ ᠤ ᠱᠦᠵᠢ ᠯᠢ ᠢᠦᠢ ᠯᠢᠶᠠᠩ ᠤᠷᠢᠳ ᠬᠤᠵᠢᠳ  ᠦᠪᠡᠷ ᠎ ᠤᠨ ᠢᠶᠠᠨ 2200 ᠭᠠᠷᠤᠢ ᠲᠦᠮᠡᠨ ᠲᠦᠬᠦᠷᠢᠭ ᠤᠨ ᠴᠠᠯᠢᠩ ᠮᠦᠩᠬᠦ ᠪᠠᠨ ᠭᠠᠷᠭᠠᠨ᠂ 2000 ᠭᠠᠷᠤᠢ ᠥᠨᠥᠴᠢᠨ ᠬᠡᠦᠬᠡᠳ᠂ ᠶᠠᠳᠠᠭᠤ ᠬᠦᠴᠢᠷᠳᠡᠯᠲᠡᠢ ᠰᠤᠷᠤᠭᠴᠢ ᠪᠣᠯᠤᠨ ᠶᠠᠳᠠᠭᠤ ᠬᠦᠴᠢᠷᠳᠡᠯᠲᠡᠢ ᠪᠠᠭᠰᠢ ᠶᠢ ᠲᠤᠰᠠᠯᠠᠵᠤ᠂ ᠲᠡᠭᠦᠨ ᠤ ᠠᠪᠤᠷᠠᠨ ᠲᠤᠰᠠᠯᠠᠭᠰᠠᠨ ᠬᠦᠴᠢᠷᠳᠡᠯᠲᠡᠢ ᠰᠤᠷᠤᠭᠴᠢᠳ ᠨᠢ ᠵᠠᠯᠭᠠᠪᠡᠷ ᠰᠤᠷᠤᠯᠭ᠎ᠠ ᠪᠠᠨ ᠪᠡᠶᠡᠯᠡᠭᠦᠯᠵᠦ᠂ ᠶᠡᠭᠡ ᠰᠤᠷᠭᠠᠭᠤᠯᠢ ᠳᠤ ᠰᠢᠯᠭᠠᠨ ᠤᠷᠤᠵᠤ᠂ ᠡᠭᠦᠨ ᠳᠤ 100 ᠭᠠᠷᠤᠢ ᠬᠥᠮᠦᠨ ᠨᠢ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠤᠯᠠᠭᠠᠨ ᠪᠦᠯᠦᠭᠯᠡᠯ ᠳᠤ ᠠᠵᠢᠯ ᠣᠯᠤᠭᠰᠠᠨ ᠪᠠᠶᠢᠨ᠎ᠠ᠃ ᠯᠢ ᠢᠦᠶ ᠯᠢᠶᠠᠩ ᠡᠵᠡᠨ ᠬᠤᠷᠤᠭ᠎ᠠ ᠬᠤᠰᠢᠭᠤ᠂ ᠣᠷᠳᠣᠰ ᠬᠤᠲᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠤᠷᠭᠠᠨ ᠬᠥᠮᠦᠵᠢᠯ ᠢ ᠲᠤᠰᠠᠯᠠᠨ ᠳᠡᠮᠵᠢᠭᠰᠡᠨ ᠲᠡᠷᠢᠭᠦᠨ ᠤ ᠬᠤᠪᠢ ᠬᠥᠮᠦᠨ︾᠂ ︽ᠬᠠᠶᠢᠷ᠎ᠠ ᠬᠠᠯᠠᠮᠵᠢᠳᠤ ᠠᠵᠤ ᠠᠬᠤᠶᠢᠯᠠᠯᠲᠠᠨ︾᠎ ᠢᠶᠠᠷ ᠣᠯᠠᠨᠲᠠ ᠦᠨᠡᠯᠡᠭᠳᠡᠵᠦ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠳᠤᠮᠳᠠᠳᠤ ᠤᠯᠤᠰ ᠤᠨ ᠬᠡᠦᠬᠡᠳ ᠤᠨ ᠨᠢᠭᠦᠯᠡᠰᠦᠩᠭᠦᠶ ᠶᠢᠨ ᠱᠠᠩᠨᠠᠯ ᠢ ᠭᠠᠷᠳᠠᠭᠤᠯᠪᠡ᠃      ᠡᠨᠡ ᠵᠢᠯ ᠤᠨ 6 ᠳ᠋ᠤᠭᠠᠷ ᠰᠠᠷ᠎ᠠ ᠠᠴᠠ ᠨᠠᠭᠠᠰᠢ᠂ ᠤᠯᠠᠭᠠᠨ ᠪᠦᠯᠦᠭᠯᠡᠯ ᠳᠠᠬᠢᠨᠲᠠ ᠣᠷᠳᠣᠰ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠵᠢᠴᠢ ᠡᠵᠡᠨ ᠬᠤᠷᠤᠭ᠎ᠠ ᠬᠤᠰᠢᠭᠤᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠢᠶᠠᠷ ᠳᠡᠮᠵᠢᠨ 100 ᠲᠦᠮᠡᠨ ᠲᠥᠭᠦᠷᠢᠭ ᠬᠠᠨᠳᠢᠪᠯᠠᠵᠤ᠂ ᠯᠢ ᠢᠦᠶ ᠯᠢᠶᠠᠩ  ᠦᠪᠡᠷ ᠢᠶᠠᠨ 20 ᠲᠦᠮᠡᠨ ᠲᠥᠭᠦᠷᠢᠭ ᠬᠠᠨᠳᠢᠪᠯᠠᠵᠤ᠂ ᠲᠤᠬᠠᠶ ᠶᠢᠨ ᠭᠠᠵᠠᠷ ᠤᠨ ᠭᠡᠤᠭᠡᠳ ᠤᠨ ᠲᠠᠷᠢᠬᠢᠨ ᠤ ᠰᠠ ᠡᠪᠡᠳᠴᠢᠨ ᠪᠠ ᠵᠣᠵᠢᠭ ᠡᠪᠡᠳᠴᠢᠨ ᠲᠠᠢ ᠬᠡᠦᠬᠡᠳ ᠢ ᠡᠷᠡᠭᠦᠯᠵᠢᠭᠦᠯᠬᠦ ᠡᠮᠴᠢᠯᠡᠭᠡ ᠳᠤ ᠬᠡᠷᠡᠭᠯᠡᠵᠡᠶ᠃ ︽6.1︾᠎ ᠤ ᠬᠡᠦᠬᠡᠳ ᠤᠨ ᠪᠠᠶᠠᠷ ᠤᠨ ᠡᠳᠦᠷ ᠲᠤ᠂ ᠯᠢ ᠢᠦᠶ ᠯᠢᠶᠠᠩ ᠳᠠᠬᠢᠨᠲᠠ 11.5 ᠲᠦᠮᠡᠨ ᠲᠥᠭᠦᠷᠢᠭ ᠭᠠᠷᠭᠠᠨ 14 ᠬᠦᠴᠢᠷᠳᠡᠯᠲᠡᠶ ᠰᠣᠷᠣᠭᠴᠢ ᠶᠢ ᠲᠤᠰᠠᠯᠠᠨ ᠲᠡᠮᠵᠢᠪᠡ᠂ ᠲᠡᠭᠦᠨ ᠤ ᠤᠷᠢᠶᠠᠯᠠᠭ᠎ᠠ ᠳᠤᠤᠷ᠎ᠠ᠂ ᠤᠯᠠᠭᠠᠨ ᠪᠦᠯᠦᠭᠯᠡᠯ ᠤᠨ ᠪᠤᠰᠤᠳ 15 ᠳᠤᠮᠳᠠ ᠳᠡᠭᠡᠳᠦ ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠴᠤ ᠲᠣᠰ ᠲᠣᠰ 5000 ᠲᠥᠭᠦᠷᠢᠭ ᠭᠠᠷᠭᠠᠨ᠂ 15 ᠬᠦᠴᠢᠷᠳᠡᠯᠲᠡᠶ ᠰᠣᠷᠣᠭᠴᠢ ᠶᠢ ᠲᠤᠰᠠᠯᠠᠨ ᠲᠡᠮᠵᠢᠪᠡ᠃       ᠲᠠᠷᠠᠭᠠᠴᠢ ᠪᠠᠷ᠂ ᠤᠯᠠᠭᠠᠨ ᠪᠦᠯᠦᠭᠯᠡᠯ ᠬᠦᠴᠢᠷᠳᠡᠯ ᠲᠠᠢ ᠰᠤᠷᠤᠭᠴᠢ᠂ ᠬᠦᠴᠢᠷᠳᠡᠯ ᠲᠠᠢ ᠪᠠᠭᠰᠢ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠬᠠᠶᠢᠷᠠᠯᠠᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠠᠶᠢᠭᠤᠯᠬᠤ ᠳᠤ ᠬᠦᠴᠤ ᠪᠠᠨ ᠡᠷᠬᠦᠵᠤ᠂ ᠡᠨᠡ ᠬᠦ ᠠᠵᠢᠯᠯᠠᠭ᠎ᠠ ᠪᠠᠷ ᠲᠠᠮᠵᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠨ᠎ᠡ ᠦᠷᠳᠡᠭ ᠢ ᠢᠯᠡᠷᠡᠭᠦᠯᠤᠨ᠎ᠠ ᠭᠡᠰᠡᠨ ᠪᠠᠶᠢᠨ᠎ᠠ᠃           
ᠢᠷᠡᠯᠲᠡ᠄ ᠤᠯᠠᠭᠠᠨ ᠪᠦᠯᠦᠭᠯᠡᠯ