| ᠪᠣᠷᠣ ᠲᠡᠭᠡᠭ ᠲᠣᠰᠬᠤᠨ ᠤ 2000 ᠰᠢᠬᠠᠮ ᠮᠦ ᠦᠷ᠎ᠡ ᠪᠤᠶᠢᠵᠢᠭᠤᠯᠬᠤ ᠰᠠᠭᠤᠷᠢᠨ ᠤ ᠲᠠᠷᠢᠶᠠᠨ ᠭᠠᠵᠠᠷ ᠲᠤ᠂ ᠥᠪᠡᠷᠮᠢᠴᠡ ᠣᠨᠴᠠᠯᠢᠭ ᠲᠠᠢ ᠭᠠᠵᠠᠷ | ᠰᠢᠷᠣᠢ ᠶᠢ ᠬᠡᠪᠴᠢᠶᠡᠵᠢᠭᠦᠯᠦᠨ ᠲᠠᠷᠢᠬᠤ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠵᠤ᠂ ᠲᠣᠰᠬᠤᠨ ᠤ ᠠᠷᠠᠳ ᠬᠦᠷᠦᠯᠴᠡᠨ ᠢᠷᠡᠵᠦ᠂ ᠡᠨᠡᠬᠦ ᠪᠠᠶᠠᠷ | ᠪᠠᠶᠠᠰᠤᠯ ᠪᠣᠯᠤᠨ ᠵᠣᠯ ᠵᠢᠷᠭᠠᠯ ᠢᠶᠠᠨ ᠬᠤᠪᠢᠶᠠᠯᠴᠠᠨ ᠡᠳ᠋ᠯᠡᠬᠦ ᠶᠢ ᠬᠠᠮᠲᠤ ᠪᠠᠷ ᠭᠡᠷᠡᠴᠢᠯᠡᠪᠡ᠃ ᠠᠳᠡᠬᠢ ᠨᠤᠳᠤᠭ ᠤᠨ ᠪᠤᠭᠤᠷᠤᠯᠴᠤᠳ ᠨᠠᠰᠤ ᠪᠠᠷ ᠢᠶᠠᠨ ᠤᠯᠠᠮᠵᠢᠯᠠᠯᠳᠤ | ᠠᠷᠭ᠎ᠠ ᠪᠠᠷ ᠲᠠᠷᠢᠶ᠎ᠠ ᠪᠠᠨ ︽ᠬᠠᠭᠠᠯᠪᠤᠷᠢᠯᠠᠵᠤ︾᠂ ᠲᠡᠭᠷᠢ ᠶᠢᠨ ᠴᠢᠷᠠᠢ ᠶᠢ ᠬᠠᠷᠠᠨ ᠲᠠᠷᠢᠶ᠎ᠠ ᠪᠠᠨ ᠲᠠᠷᠢᠵᠤ᠂ ᠭᠠᠩ ᠬᠠᠭᠰᠠᠷᠠᠭᠠᠨ ᠲᠠᠢ ᠵᠢᠯ ᠲᠣᠬᠢᠶᠠᠯᠳᠤᠪᠠᠯ | ᠮᠥᠬᠦᠯᠢᠭ ᠠᠮᠤ ᠴᠦ ᠦᠭᠡᠢ ᠪᠣᠯᠬᠤ ᠪᠠᠷ ᠪᠠᠷᠠᠬᠤ ᠦᠭᠡᠢ ᠪᠠᠰᠠ ᠦᠷ᠎ᠡ᠂ ᠬᠢᠮᠢ ᠶᠢᠨ ᠪᠤᠷᠳᠤᠭᠤᠷ ᠢᠶᠠᠨ ᠲᠠᠯᠠᠭᠠᠷ ᠤᠷᠤᠭᠤᠯᠤᠨ᠂ ᠬᠥᠮᠦᠨ ᠤ ᠬᠦᠴᠤ | ᠤᠷᠤᠭᠤᠯᠤᠭᠰᠠᠨ ᠬᠦᠴᠢᠷ ᠵᠣᠪᠠᠭᠤᠷᠢ ᠶᠢ ᠨᠡᠩ ᠴᠤ ᠭᠡᠯᠡᠬᠦ ᠶᠢᠨ ᠠᠷᠭ᠎ᠠ ᠦᠭᠡᠢ ᠶᠤᠮ᠃ ᠤᠳᠤᠬᠠᠨ ᠳᠤ᠂ ᠨᠡᠬᠦᠷᠡᠰᠤ ᠮᠠᠯᠳᠠᠭᠠᠳ ᠲᠤᠷᠤᠭᠰᠢ ᠰᠠᠭᠤᠭᠰᠠᠨ | ᠤᠷᠤᠨ ᠢ ᠰᠡᠷᠬᠦᠭᠡᠨ ᠵᠠᠰᠠᠬᠤ ᠠᠷᠭ᠎ᠠ ᠭᠡᠮᠵᠢᠶ᠎ᠡ ᠶᠢ ᠠᠪᠤᠭᠰᠠᠨ ᠠᠴᠠ᠂ ᠥᠩᠭᠡᠷᠡᠭᠰᠡᠨ ᠳᠤ ᠠᠳᠠᠷᠰᠢᠭᠰᠠᠨ᠂ ᠲᠠᠴᠢᠷ ᠪᠠᠶᠢᠭᠰᠠᠨ ᠲᠠᠷᠢᠶᠠᠨ ᠭᠠᠵᠠᠷ ᠨᠢ ᠣᠲᠣ | ᠪᠤᠯᠬᠤ ᠳᠤ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠪ ᠨᠠᠮᠪᠠ ᠲᠠᠢ ᠪᠣᠯᠵᠣ᠂ ᠬᠡᠷ ᠤᠨ ᠢᠶᠠᠨ ᠬᠠᠨᠵᠤᠨ ᠳᠡᠭᠡᠷ᠎ᠡ ᠪᠠᠨ ᠰᠠᠭᠤᠵᠤ ᠪᠠᠶᠢᠭᠠᠳ | ᠲᠦᠷᠢᠶᠡᠰᠦᠨ ᠮᠥᠩᠭᠦ ᠬᠤᠷᠢᠶᠠᠵᠤ ᠪᠤᠯᠬᠤ ᠶᠢ ᠭᠡᠨ ᠴᠤ ᠪᠤᠳᠤᠵᠤ ᠤᠯᠤᠭ᠎ᠠ ᠦᠭᠡᠢ ᠶᠤᠮ᠃ | ᠪᠣᠷᠣ ᠲᠡᠭᠡᠭ ᠲᠣᠰᠬᠤᠨ ᠨᠢ ᠨᠡᠬᠦᠷᠡᠰᠤ ᠮᠠᠯᠳᠠᠭᠠᠳ ᠲᠤᠷᠤᠭᠰᠢ ᠰᠠᠭᠤᠭᠰᠠᠨ ᠤᠷᠤᠨ ᠢ ᠰᠡᠷᠬᠦᠭᠡᠨ ᠵᠠᠰᠠᠬᠤ ᠲᠤᠭᠤᠷᠢᠭ ᠲᠤ ᠪᠠᠶᠢᠷᠢᠯᠠᠨ᠂ ᠨᠥᠬᠦᠴᠡᠯ ᠤᠨ | ᠬᠢᠵᠠᠭᠠᠷᠯᠠᠯ ᠲᠤᠤᠷ᠎ᠠ᠂ ᠤᠤᠯ ᠤᠨ ᠲᠠᠷᠢᠶᠠᠨ ᠭᠠᠵᠠᠷ ᠲᠤ ᠨᠢ ᠨᠡᠶᠢᠳᠡᠮ ᠳᠡᠭᠡᠨ ᠬᠦᠢᠯᠡᠰᠦᠨ ᠮᠣᠳᠣ ᠳᠠᠷᠢᠵᠤ᠂ ᠴᠢᠨᠠᠭᠰᠢᠯᠠᠪᠠᠯ ᠠᠳᠠᠷᠰᠢᠭᠤᠯᠤᠨ ᠬᠠᠶᠠᠵᠤ ᠪᠠᠶᠢᠪᠠ᠃ | 2023 ᠣᠨ ᠳᠤ᠂ ᠲᠣᠰᠬᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠡᠳᠡᠭᠡᠷ ᠭᠠᠵᠠᠷ ᠰᠢᠷᠣᠢ ᠶᠢ | ᠨᠢᠭᠡᠳᠦᠯᠲᠡᠢ ᠨᠡᠶᠢᠳᠬᠡᠪᠡ᠃ ᠡᠮᠬᠢᠯᠡᠨ ᠨᠡᠶᠢᠯᠡᠭᠦᠯᠵᠦ ᠳᠠᠭᠤᠰᠤᠭᠰᠠᠨ ᠤ ᠳᠠᠷᠠᠭ᠎ᠠ᠂ ᠠᠵᠤ ᠠᠬᠤᠶᠢᠯᠠᠯ ᠢ ᠣᠷᠣᠭᠤᠯᠤᠨ ᠬᠡᠪᠴᠢᠶᠡᠵᠢᠭᠦᠯᠦᠨ ᠳᠠᠷᠢᠵᠤ᠂ ᠲᠤᠰ | ᠤᠳᠠᠭᠠᠨ ᠤ ᠭᠡᠷ᠎ᠡ ᠲᠤᠭᠳᠠᠬᠤ ᠪᠠᠷ ᠲᠠᠮᠵᠢᠨ ᠲᠠᠷᠢᠶᠠᠴᠢᠳ᠂ ᠲᠣᠰᠬᠤᠨ ᠤ ᠬᠠᠮᠲᠤ ᠨᠡᠶᠢᠲᠡ᠂ ᠠᠵᠤ ᠠᠬᠤᠶᠢᠯᠠᠯ ᠭᠤᠷᠪᠠᠨ ᠲᠠᠯ᠎ᠠ ᠶᠢ ᠨᠢᠭᠲᠠ ᠬᠤᠯᠪᠣᠵᠤ᠂ ᠬᠦᠰᠡᠯ | ᠡᠷᠡᠮᠡᠯᠵᠡᠯ ᠤᠨ ᠬᠡᠭᠡᠷ᠎ᠡ ᠲᠠᠯ᠎ᠠ ᠳᠤ ᠬᠦᠴᠦ ᠪᠠᠨ ᠬᠠᠮᠲᠤᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠢ ᠪᠢᠴᠢᠭᠯᠡᠵᠦ᠂ ᠲᠡᠳᠡᠨ ᠤ | ᠬᠠᠷᠠᠴᠠ ᠳᠤ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠲᠣᠳᠣᠷᠠᠵᠤ᠂ ᠲᠡᠳᠡᠨ ᠤ ᠬᠦᠰᠡᠯ ᠡᠷᠡᠮᠡᠯᠵᠡᠯ ᠳᠤ ᠣᠷᠣᠯᠭ᠎ᠠ ᠪᠠᠨ | ᠨᠡᠮᠡᠭᠳᠡᠭᠦᠯᠵᠦ ᠪᠠᠶᠠᠵᠢᠬᠤ ᠰᠢᠨ᠎ᠡ ᠮᠦᠷᠤᠭᠡᠳᠤᠯ ᠲᠣᠳᠣᠷᠠᠪᠠ᠃ ᠠᠵᠤ ᠠᠬᠤᠶᠢᠯᠠᠯ ᠤᠨ ᠬᠢᠨ ᠮᠥ ᠪᠦᠷᠢ ᠳᠤ 600 ᠲᠥᠭᠦᠷᠢᠭ ᠤᠨ ᠲᠦᠷᠢᠶᠡᠰᠤᠨ ᠮᠦᠩᠬᠦ | ᠦᠭᠴᠦ᠂ ᠡᠭᠦᠨ ᠳᠤ 510 ᠲᠥᠭᠦᠷᠢᠭ ᠢ ᠲᠣᠰᠬᠤᠨ ᠤ ᠠᠷᠠᠳ ᠦᠪᠡᠷ ᠢᠶᠠᠨ ᠠᠪᠴᠤ᠂ ᠦᠯᠡᠳᠡᠭᠰᠡᠨ 90 ᠲᠥᠭᠦᠷᠢᠭ ᠢ ᠲᠣᠰᠬᠤᠨ ᠤ ᠬᠠᠮᠲᠤ ᠨᠡᠶᠢᠲᠡ ᠳᠤ | ᠲᠤᠰᠢᠶᠠᠨ᠎ᠠ᠃ ᠤᠳᠤᠬᠠᠨ ᠳᠤ 2000 ᠮᠥ ᠭᠠᠵᠠᠷ ᠰᠢᠷᠣᠶ ᠳᠡᠭᠡᠷ᠎ᠡ ᠡᠷᠳᠡᠨᠢ ᠰᠢᠰᠢ ᠲᠠᠷᠢᠵᠤ᠂ ᠠᠳᠡᠬᠢ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ | ᠳᠤᠯᠠᠭᠠᠨ ᠤ ᠵᠦᠷᠢᠶ᠎ᠡ ᠶᠡᠭᠡ ᠪᠤᠯᠬᠤᠷ᠂ ᠡᠷᠳᠡᠨᠢ ᠰᠢᠰᠢ ᠶᠢ ᠪᠤᠶᠢᠵᠢᠭᠤᠯᠬᠤ ᠳᠤ ᠮᠠᠰᠢ ᠲᠣᠬᠢᠷᠠᠮᠵᠢᠲᠠᠢ ᠪᠠᠶᠢᠵᠤ᠂ ᠤᠤᠯ ᠤᠨ ᠬᠡᠮᠵᠢᠯᠲᠡ ᠪᠠᠷ ᠪᠤᠳᠤᠪᠠᠯ᠂ ᠮᠦ | ᠪᠦᠷᠢ ᠶᠢᠨ ᠣᠷᠣᠯᠭ᠎ᠠ ᠨᠢ 3000 ᠲᠥᠭᠦᠷᠢᠭ ᠣᠷᠴᠢᠮ ᠪᠤᠯᠤᠨ᠎ᠠ ᠭᠡᠵᠤ ᠲᠦᠰᠤᠪᠯᠡᠵᠦ ᠪᠠᠶᠢᠨ᠎ᠠ᠃ | ᠤᠯᠠᠭᠠᠨᠮᠦ᠋ᠷᠡᠨ ᠪᠠᠯᠭᠠᠰᠤ ︽ᠨᠡᠭᠦᠷᠡᠰᠦᠨ ᠳᠠᠯᠠᠢ ᠶᠢᠨ ᠭᠡᠷᠡᠯᠲᠦ ᠰᠤᠪᠤᠳ︾ ᠭᠡᠰᠡᠨ ᠰᠠᠶᠢᠬᠠᠨ ᠠᠯᠳᠠᠷ ᠲᠠᠢ ᠪᠠᠶᠢᠵᠤ᠂ ᠠᠯᠢ ᠤᠯᠠᠨ ᠨᠡᠭᠦᠷᠡᠰᠦᠨ ᠠᠭᠤᠷᠬᠠᠢ | ᠪᠠᠶᠢᠵᠤ᠂ ᠨᠤᠳᠤᠭ ᠤᠨ ᠬᠥᠮᠦᠰ ᠦᠷᠭᠦᠯᠵᠢ ︽ᠭᠡᠷ ᠲᠡᠭᠡᠨ ᠠᠭᠤᠷᠬᠠᠢ ᠲᠠᠢ︾ ᠭᠡᠮᠡᠨ ᠬᠠᠷᠢᠯᠴᠠᠨ ᠱᠤᠭᠯᠠᠵᠤ ᠶᠠᠷᠢᠳᠠᠭ᠃ ᠤᠯᠠᠭᠠᠨᠮᠥ᠋ᠷᠡᠨ ᠪᠠᠯᠭᠠᠰᠤ ᠠᠵᠤ | ᠤᠶᠢᠯᠡᠳᠪᠤᠷᠢ ᠶᠢᠨ ᠶᠡᠭᠡ ᠪᠠᠯᠭᠠᠰᠤ ᠪᠠᠶᠢᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ | ᠠᠬᠤᠶ ᠶᠢᠨ ︽ᠣᠨᠴᠠ︾ ︽ᠰᠢᠯᠢᠳᠡᠭ︾ ︽ ᠨᠠᠷᠢᠯᠢᠭ︾ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠲᠠᠰᠤᠷᠠᠯᠲᠠ ᠥᠬᠡᠶ ᠰᠢᠨ᠎ᠡ ᠠᠷᠭ᠎ᠠ | ᠬᠡᠮᠵᠢᠶ᠎ᠡ ᠠᠪᠴᠤ᠂ ᠰᠢᠨ᠎ᠡ ᠠᠷᠭ᠎ᠠ ᠵᠠᠮ ᠨᠡᠭᠡᠭᠡᠵᠦ᠂ ᠰᠢᠨ᠎ᠡ ᠬᠥᠳᠡᠯᠭᠡᠬᠦ ᠬᠦᠴᠦᠨ ᠢ ᠣᠷᠣᠭᠤᠯᠤᠨ ᠠᠪᠴᠢᠷᠠᠵᠤ᠂ ᠰᠢᠨ᠎ᠡ ᠳᠠᠪᠠᠭᠤᠯᠢᠭ ᠢ ᠪᠤᠶᠢᠵᠢᠭᠤᠯᠵᠤ ᠪᠠᠶᠢᠨ᠎ᠠ᠃ | 2023 ᠣᠨ ᠳᠤ᠂ ᠪᠠᠯᠭᠠᠰᠤᠨ ᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ ᠤᠨ ᠲᠡᠳᠬᠦᠨ ᠳᠡᠮᠵᠢᠬᠦ ᠪᠠᠯᠠ ᠮᠥᠩᠭᠦ ᠶᠢ | 2000 ᠲᠦᠮᠡᠨ ᠲᠥᠭᠦᠷᠢᠭ ᠠᠴᠠ ᠲᠤᠤᠷ᠎ᠠ ᠪᠠᠶᠢᠯᠭᠠᠬᠤ ᠥᠬᠡᠶ ᠪᠠᠷ ᠲᠦᠯᠤᠪᠯᠡᠵᠦ᠂ ᠡᠭᠦᠨ ᠤ ᠤᠯᠠᠮ ᠢᠶᠠᠷ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠠᠭᠤᠷᠬᠠᠶ ᠶᠢᠨ ᠣᠷᠣᠨ ᠤ ᠣᠯᠠᠨ ᠲᠦᠮᠡᠨ ᠳᠤ ᠠᠰᠢᠭ ᠣᠷᠣᠯᠭ᠎ᠠ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠴᠢᠳᠠᠯ ᠨᠡᠮᠡᠷᠢᠯᠡᠵᠦ᠂ ᠪᠣᠷᠣᠲᠣᠬᠤᠢ ᠶᠢᠨ ᠭᠠᠵᠠᠷ ᠰᠢᠷᠣᠶ ᠶᠢ ᠬᠡᠪᠴᠢᠶᠡᠵᠢᠭᠦᠯᠦᠨ ᠳᠠᠷᠢᠬᠤ᠂ ᠤᠯᠠᠭᠠᠨᠮᠦ᠋ᠷᠡᠨ ᠲᠣᠰᠬᠤᠨ ᠤ ᠮᠢᠩᠭᠠᠨ ᠮᠥ ᠳᠠᠬᠢᠨ ᠬᠠᠭᠠᠯᠪᠤᠷᠢᠯᠠᠵᠤ | ᠳᠠᠬᠢᠨ ᠴᠣᠭᠴᠠᠯᠠᠬᠤ ᠴᠢᠨᠠᠷ ᠰᠠᠶᠢᠲᠠᠶ ᠭᠠᠵᠠᠷ ᠰᠢᠷᠣᠶ ᠶᠢᠨ ᠲᠥᠷᠥᠯ ᠵᠤᠶᠢᠯ ᠨᠢ ᠴᠥᠮ ᠠᠮᠢᠳᠤᠯᠢᠭ ᠲᠠᠶᠢᠯᠪᠤᠷᠢ ᠪᠤᠯᠤᠨ᠎ᠠ᠃ | ᠱᠧᠨ ᠳ᠋ᠦᠩ ᠨᠡᠭᠦᠷᠡᠰᠦᠨ ᠠᠭᠤᠷᠬᠠᠢ ᠶᠢᠨ ᠪᠤᠷᠤ ᠲᠡᠭᠡᠭ ᠤᠨ ᠨᠡᠭᠦᠷᠡᠰᠦ ᠮᠠᠯᠳᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢᠨ ᠲᠠᠷᠢᠶᠠᠯᠠᠩ ᠤᠨ | ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠣᠳᠣᠬᠢᠴᠢᠯᠠᠭᠰᠠᠨ ᠨᠡᠷᠡᠨ ᠤ ᠬᠡᠷᠡᠯ ᠤᠨ ᠬᠦᠯᠡᠮᠵᠢ ᠵᠢᠭᠳᠡᠷᠡᠨ ᠵᠢᠭᠰᠠᠵᠤ᠂ ᠰᠠᠶ᠋ᠢᠬᠠᠨ ᠵᠠᠶᠢᠯᠠᠭᠰᠠᠨ | ᠥᠷᠭᠡᠰᠦᠲᠦ ᠬᠡᠮᠬᠡ᠂ ᠲᠥᠪᠡᠳ ᠬᠠᠰᠢ᠂ ᠬᠠᠰᠢ ᠵᠡᠷᠭᠡ ᠨᠣᠭᠤᠭ᠎ᠠ ᠶᠢᠨ ᠴᠢᠬᠢ ᠬᠥᠬᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ | ᠮᠡᠷᠭᠡᠵᠢᠯᠲᠡᠨ ᠠᠴᠠ ᠬᠦᠯᠡᠮᠵᠢ ᠶᠢᠨ ᠲᠤᠲᠤᠷᠠᠬᠢ ᠴᠢᠭᠢᠭ ᠤᠨ ᠬᠡᠮᠵᠢᠶ᠎ᠡ᠂ ᠳᠤᠯᠠᠭᠠᠨ ᠤ ᠬᠡᠮᠵᠢᠶ᠎ᠡ ᠵᠡᠷᠭᠡ ᠶᠢ ᠭᠡᠮᠵᠢᠨ᠂ ᠤᠯᠠᠮᠵᠢᠯᠠᠯᠲᠤ ᠮᠠᠶ᠋ᠢᠭ ᠤᠨ ᠲᠠᠷᠢᠶ᠎ᠠ ᠲᠠᠷᠢᠵᠤ | ᠪᠠᠶᠢᠭᠰᠠᠨ ᠪᠠᠶᠢᠳᠠᠯ ᠢ ᠪᠦᠷᠢᠮᠦᠰᠦᠨ ᠬᠤᠪᠢᠷᠠᠭᠤᠯᠵᠠᠢ᠃ | ᠰᠢᠯᠦᠭ ᠵᠢᠷᠤᠭ ᠮᠡᠲᠦ ᠬᠥᠳᠡᠭᠡ ᠨᠤᠲᠤᠭ ᠤᠨ ᠥᠩᠭᠡ ᠦᠵᠡᠮᠵᠢ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠣᠲᠣ ᠦᠶ᠎ᠡ ᠶᠢᠨ ᠲᠠᠷᠢᠶᠠᠯᠠᠩ ᠨᠢ ᠵᠥᠪᠬᠡᠨ | ᠤᠯᠠᠭᠠᠨᠮᠦ᠋ᠷᠡᠨ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠮᠵᠢ ᠶᠢᠨ ᠵᠢᠷᠤᠭ ᠤᠨ ᠨᠢᠭᠡ ᠬᠡᠰᠡᠭ ᠪᠠᠶᠢᠵᠤ᠂ ᠥᠷᠭᠡᠨ ᠠᠭᠤᠳᠠᠮ | ᠠᠭᠤᠷᠬᠠᠶ ᠶᠢᠨ ᠣᠷᠣᠨ᠂ ᠪᠠᠷᠢᠮᠵᠢᠶᠠᠵᠢᠭᠰᠠᠨ ᠠᠮᠤ ᠪᠤᠳᠠᠭᠠᠨ ᠤ ᠲᠠᠷᠢᠶ᠎ᠠ᠂ ᠣᠳᠣᠬᠢᠴᠢᠯᠠᠭᠰᠠᠨ ᠲᠠᠷᠢᠶᠠᠯᠠᠩ ᠤᠨ ᠲᠥᠬᠦᠭᠡᠷᠦᠮᠵᠢ᠂ ᠠᠵᠤ ᠦᠢᠯᠡᠰᠵᠢᠭᠰᠡᠨ ᠵᠢᠮᠢᠰ | ᠢᠳᠡᠰᠢᠨ ᠨᠣᠭᠤᠭ᠎ᠠ ᠶᠢᠨ ᠬᠦᠯᠡᠮᠵᠢ ᠵᠡᠷᠭᠡ ᠨᠢ ᠪᠦᠬᠦᠨ ᠢᠶᠠᠷ ᠢᠶᠠᠨ ᠵᠢᠭᠳᠡᠷᠡᠨ ᠬᠠᠷᠠᠭᠳᠠᠵᠤ᠂ ᠪᠥᠬᠦ ᠪᠠᠯᠭᠠᠰᠤᠨ ᠤ ︽ᠨᠡᠭᠦᠷᠡᠰᠦ ᠪᠠᠷ ᠰᠠᠭᠤᠷᠢ ᠪᠣᠯᠭᠠᠵᠤ᠂ ᠣᠯᠠᠨ | ᠡᠰᠢᠲᠦ ᠠᠭᠤᠰᠤᠯᠴᠠᠯ︾ ᠤᠨ ᠬᠥᠭᠵᠢᠯᠲᠡ ᠶᠢᠨ ᠰᠡᠳᠬᠢᠮᠵᠢ ᠨᠢ ᠶᠠᠭ ᠭᠠᠯ ᠬᠠᠯᠠᠭᠤᠨ ᠤᠶᠢᠯᠡᠳᠤᠯᠭᠡ ᠶᠢᠨ ᠠᠵᠢᠯᠯᠠᠭ᠎ᠠ ᠪᠣᠯᠵᠣ ᠬᠤᠪᠢᠷᠠᠨ᠂ ᠬᠥᠬᠡᠮᠳᠦᠭ ᠨᠣᠭᠤᠭᠠᠨ | ᠠᠭᠤᠯᠠ ᠤᠰᠤᠨ ᠤ ᠬᠤᠭᠤᠷᠣᠨᠳᠣ ᠠᠭᠤᠷᠬᠠᠶ ᠶᠢᠨ ᠣᠷᠣᠨ ᠤ ᠪᠣᠬᠢᠷᠲᠤᠯ ᠥᠬᠡᠶ ︽ᠬᠥᠳᠡᠭᠡ ᠠᠵᠤ ᠠᠬᠤᠶ︾ ᠶᠢᠨ ᠳᠠᠭᠤᠤ ᠶᠢ ᠬᠠᠩᠬᠢᠨᠠᠭᠤᠯᠵᠤ ᠪᠠᠶᠢᠨ᠎ᠠ᠃ | | | | | | |