ᠡᠵᠡᠨ ᠬᠤᠷᠤᠭ᠎ᠠ ᠬᠤᠰᠢᠭᠤᠨ ᠤ ᠬᠢᠨ ᠲᠡᠷᠭᠡ ᠬᠤᠳᠠᠯᠳᠤᠨ ᠠᠪᠤᠪᠠᠯ ᠨᠥᠬᠦᠪᠥᠷᠢ ᠦᠭᠴᠦ ᠪᠠᠶᠢᠨ᠎ᠠ
ᠨᠡᠶᠢᠲᠡᠯᠡᠭᠰᠡᠨ ᠴᠠᠭ᠄
2023/6/19
      ᠭᠡᠷᠡᠭᠯᠡᠭᠡᠨ ᠤ ᠢᠲᠡᠭᠡᠯ ᠢ ᠬᠦᠪᠴᠢᠯᠡᠨ᠂  ᠭᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂  ᠭᠡᠷᠡᠭᠯᠡᠭᠡᠨ ᠤ ᠱᠠᠭᠠᠷᠳᠠᠯᠭ᠎ᠠ ᠶᠢᠨ ᠲᠦᠷᠭᠡᠨ ᠳᠡᠭᠡᠭᠰᠢᠯᠡᠬᠦ ᠶᠢ ᠠᠬᠢᠭᠤᠯᠤᠨ᠂ ᠭᠡᠷᠡᠭᠯᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠤᠯᠭᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠡᠯᠪᠡᠭ ᠪᠠᠶᠠᠯᠢᠭ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠡᠵᠡᠨ ᠬᠤᠷᠤᠭ᠎ᠠ ᠬᠤᠰᠢᠭᠤᠨ ᠤ ᠬᠡᠷᠡᠭᠯᠡᠭᠡ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠬᠤ ᠶᠢᠨ ᠲᠤᠰᠠᠳᠠ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠶ ᠵᠤᠶᠢᠯᠡᠰ ᠨᠢ ᠳᠤᠤᠷᠠᠬᠢ ᠮᠡᠲᠦ᠄      ᠨᠢᠭᠡ᠂ ᠠᠵᠢᠯᠯᠠᠭᠠᠨ ᠤ ᠴᠠᠭ      2023 ᠣᠨ ᠤ 6 ᠳ᠋ᠤᠭᠠᠷ ᠰᠠᠷ᠎ᠠ ᠶᠢᠨ 17᠎ ᠤ ᠡᠳᠦᠷ ᠠᠴᠠ 9 ᠳ᠋ᠤᠭᠡᠷ ᠰᠠᠷ᠎ᠠ ᠶᠢᠨ 15᠎ ᠤ ᠡᠳᠦᠷ ᠪᠣᠯᠲᠠᠯ᠎ᠠ       ᠬᠤᠶᠠᠷ᠂ ᠨᠥᠬᠦᠪᠥᠷᠢ ᠤᠯᠬᠤ ᠡᠲᠡᠭᠡᠳ      ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠠᠴᠠ ᠴᠣ ᠰᠢᠨ᠎ᠡ 7 ᠰᠠᠭᠤᠳᠠᠯ ︵ᠪᠠᠭᠲᠠᠨ᠎ᠠ︶᠎ ᠠᠴᠠ ᠳᠣᠷᠣᠭᠰᠢᠬᠢ ᠰᠠᠭᠤᠳᠠᠯ ᠤᠨ ᠮᠠᠰᠢᠨ ᠲᠡᠷᠭᠡ ᠶᠢ ᠬᠤᠳᠠᠯᠳᠤᠨ ᠠᠪᠴᠤ᠂ ᠤᠯᠠᠮᠵᠢᠯᠠᠯᠲᠤ ᠮᠠᠶ᠋ᠢᠭ ᠤᠨ ᠮᠠᠰᠢᠨ ᠲᠡᠷᠭᠡ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠠᠪᠤᠪᠠᠯ ᠨᠦᠬᠦᠪᠤᠷᠢ ᠤᠯᠵᠤ ᠪᠤᠯᠤᠨ᠎ᠠ᠂ ᠡᠯ᠎ᠡ ᠲᠥᠷᠥᠯ ᠤᠨ ᠪᠠᠷᠠᠭ᠎ᠠ ᠲᠡᠭᠡᠭᠡᠪᠤᠷᠢᠯᠡᠬᠦ ᠮᠠᠰᠢᠨ ᠲᠡᠷᠭᠡ᠂ ᠲᠤᠰᠬᠠᠶ ᠠᠵᠢᠯ ᠤᠨ ᠮᠠᠰᠢᠨ ᠲᠡᠷᠭᠡ᠂ ᠭᠤᠷᠪᠠᠨ ᠬᠦᠷᠳᠦᠲᠦ ᠲᠡᠷᠭᠡ᠂ ᠮᠣᠲ᠋ᠣᠷ ᠵᠡᠷᠭᠡ ᠶᠢ ᠪᠠᠭᠲᠠᠭᠠᠬᠤ ᠦᠭᠡᠢ᠃ ᠬᠤᠳᠠᠯᠳᠤᠨ ᠠᠪᠤᠭᠰᠠᠨ ᠲᠡᠷᠭᠡᠨ ᠤ ᠬᠡᠷᠡᠭᠴᠡᠭᠡ ᠨᠢ ᠡᠵᠡᠩᠨᠡᠯᠲᠡ ᠶᠢᠨ ᠪᠢᠰᠢ ᠪᠠᠶᠢᠬᠤ ᠭᠡᠷᠡᠭᠳᠡᠢ︔  ᠪᠦᠷᠢᠨ ᠵᠣᠭᠤᠰ ᠢᠶᠠᠷ ᠬᠤᠳᠠᠯᠳᠤᠨ ᠠᠪᠤᠭᠰᠠᠨ ᠲᠡᠷᠭᠡ ᠪᠤᠶᠤ ᠵᠢᠭᠡᠯᠡᠯᠭᠡ ᠪᠠᠷ ᠠᠪᠤᠭᠰᠠᠨ ᠲᠡᠷᠭᠡ ᠭᠡᠵᠤ ᠢᠯᠭᠠᠬᠤ ᠦᠭᠡᠢ︔ ᠡᠵᠡᠨ ᠬᠤᠷᠤᠭ᠎ᠠ ᠬᠤᠰᠢᠭᠤᠨ ᠳᠤ ᠲᠣᠰ ᠭᠠᠵᠠᠷ ᠤᠨ ᠭᠠᠶᠢᠯᠢ ᠬᠤᠳᠠᠯᠳᠤᠨ ᠠᠪᠤᠭᠰᠠᠨ ᠪᠠᠷᠢᠮᠲᠠ ᠲᠠᠢ᠂ ᠮᠠᠰᠢᠨ ᠲᠡᠷᠭᠡ ᠪᠠᠨ ᠲᠡᠮᠳᠡᠭᠯᠡᠵᠦ ᠫᠠᠶᠢᠰᠠ ᠡᠯᠬᠦᠭᠰᠡᠨ ᠬᠡᠷᠡᠭᠯᠡᠭᠴᠢᠳ ︵ᠬᠤᠪᠢ ᠬᠥᠮᠦᠨ᠂ ᠬᠤᠪᠢ ᠶᠢᠨ ᠤᠶᠢᠯᠡᠳᠪᠤᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ᠂ ᠪᠠᠶᠢᠭᠤᠯᠤᠮᠵᠢ ᠵᠡᠷᠭᠡ᠂  ᠠᠯᠪᠠᠨ ᠪᠠᠶᠢᠭᠤᠯᠭ᠎ᠠ ᠶᠢᠨ ᠲᠡᠷᠭᠡ ᠮᠠᠰᠢᠨ ᠪᠠᠭᠲᠠᠬᠤ ᠥᠬᠡᠶ︶      ᠭᠤᠷᠪᠠ᠂ ᠨᠥᠬᠦᠪᠥᠷᠢ ᠥᠭᠬᠦ ᠪᠠᠷᠢᠮᠵᠢᠶ᠎ᠠ       ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ ᠠᠷᠭ᠎ᠠ ᠮᠠᠶ᠋ᠢᠭ ᠢ ᠠᠪᠴᠤ᠂ ᠲᠡᠷᠭᠡ ᠬᠤᠳᠠᠯᠳᠤᠨ ᠠᠪᠤᠭᠰᠠᠨ ᠵᠣᠭᠤᠰ ᠤᠨ ᠪᠠᠷᠢᠮᠲᠠ ︵ᠨᠡᠮᠡᠭᠳᠡᠯ ᠥᠷᠲᠡᠭ ᠤᠨ ᠭᠠᠶᠢᠯᠢ ᠪᠠᠭᠲᠠᠬᠤ ᠥᠬᠡᠶ︶ 10 ᠲᠦᠮᠡᠨ ᠲᠥᠭᠦᠷᠢᠭ ︵ᠪᠠᠭᠳᠠᠨ᠎ᠠ︶᠎ ᠠᠴᠠ ᠳᠣᠷᠣᠭᠰᠢ ᠲᠡᠷᠭᠡ ᠬᠤᠳᠠᠯᠳᠤᠨ ᠠᠪᠤᠬᠰᠠᠨ ᠪᠤᠯ 3000 ᠲᠥᠭᠦᠷᠢᠭ᠂ 10 —20 ᠲᠦᠮᠡᠨ ᠲᠥᠭᠦᠷᠢᠭ ︵ᠪᠠᠭᠲᠠᠨ᠎ᠠ︶᠎ ᠤᠨ ᠲᠡᠷᠭᠡ ᠬᠤᠳᠠᠯᠳᠤᠨ ᠠᠪᠤᠭᠰᠠᠨ ᠪᠤᠯ 5000 ᠲᠥᠭᠦᠷᠢᠭ᠂ 20 ᠲᠦᠮᠡᠨ ᠲᠥᠭᠦᠷᠢᠭ ᠠᠴᠠ ᠳᠡᠭᠡᠭᠰᠢ ᠲᠡᠷᠭᠡ ᠬᠤᠳᠠᠯᠳᠤᠨ ᠠᠪᠤᠭᠰᠠᠨ ᠪᠤᠯ 6000 ᠲᠥᠭᠦᠷᠢᠭ ᠤᠨ ᠨᠥᠬᠦᠪᠥᠷᠢ ᠶᠢ ᠭᠤᠶᠤᠴᠢᠯᠠᠨ ᠠᠪᠴᠤ ᠪᠤᠯᠤᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠪᠠᠯ ᠳᠡᠭᠡᠷ᠎ᠡ ᠳᠤᠷᠠᠳᠤᠭᠰᠠᠨ ᠨᠥᠬᠦᠪᠥᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠲᠡᠷᠭᠡ ᠪᠦᠷᠢ ᠳᠤ 2000 ᠲᠥᠭᠦᠷᠢᠭ ᠤᠨ ᠨᠥᠬᠦᠪᠥᠷᠢ ᠨᠡᠮᠡᠵᠦ ᠥᠭᠭᠦᠨ᠎ᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ